ᠰᠦᠨ ᠱᠤᠤ ᠴᠧᠩ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ ︵ᠥᠷᠭᠡᠳᠭᠡᠭᠰᠡᠨ︶ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/1/8
    1 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠰᠦᠨ ᠱᠤᠤ ᠴᠧᠩ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠳᠤᠭᠠᠷ ᠪᠦᠬᠦᠳᠡ ︵ᠥᠷᠭᠡᠳᠭᠡᠭᠰᠡᠨ︶ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠤᠤ ᠺᠠᠩ ᠬᠤᠷᠠᠯ ᠢ ᠡᠷᠭᠢᠯᠡᠵᠦ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠠᠨᠳ᠋ᠯᠠᠭᠴᠢ ᠶᠠᠩ ᠭᠦᠸᠧ ᠠᠨ ᠬᠤᠷᠠᠯ ᠳᠤ ᠣᠷᠣᠯᠴᠠᠵᠤ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠢᠰᠰᠠᠷ ᠵᠠᠩ ᠸᠧᠨ ᠬᠤᠶ ᠬᠥᠬᠢᠭᠦᠯᠦᠨ ᠱᠠᠩᠨᠠᠬᠤ ᠨᠡᠷᠡᠰ ᠢ ᠤᠩᠰᠢᠨ ᠨᠡᠶᠢᠲᠡᠯᠡᠪᠡ᠃    ᠬᠤᠷᠠᠯ ᠳᠡᠭᠡᠷ᠎ᠡ᠂ ᠰᠦᠨ ᠱᠤᠤ ᠴᠧᠩ ᠨᠡᠷ ᠱᠠᠩᠨᠠᠯ ᠬᠦᠷᠳᠡᠭᠰᠡᠨ ᠬᠠᠮᠲᠤ ᠨᠠᠶᠢᠳᠠ ᠪᠣᠯᠤᠨ ᠬᠤᠪᠢ ᠬᠥᠮᠦᠨ ᠳᠤ ᠱᠠᠩᠨᠠᠯ ᠭᠠᠷᠳᠠᠭᠤᠯᠪᠠ᠃    ᠰᠦᠨ ᠱᠤᠤ ᠴᠧᠩ ᠡᠩ ᠲᠡᠷᠢᠭᠦᠨ ᠳᠤ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠠ ᠬᠤᠪᠢ ᠬᠥᠮᠦᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠭᠡᠵᠦ᠂ ᠪᠦᠬᠦ ᠣᠷᠣᠨ ᠤ ᠥᠷᠭᠡᠨ ᠤᠯᠠᠨ ᠳᠠᠷᠤᠭ᠎ᠠ ᠪᠠᠶᠢᠯᠳᠤᠭᠴᠢ᠂ ᠡᠷᠦᠬᠡ ᠶᠢᠨ ᠴᠡᠷᠢᠭ ᠤᠨ ᠪᠡᠯᠡᠳᠭᠡᠯ ᠠᠯᠪᠠᠨ ᠤ ᠬᠥᠮᠦᠰ ᠲᠤ ᠡᠷᠬᠢᠮ ᠳᠡᠭᠡᠳᠦ ᠬᠦᠨᠳᠦᠳᠭᠡᠯ ᠪᠠ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠥᠩᠭᠡᠷᠡᠭᠰᠡᠨ ᠨᠢᠭᠡ ᠵᠢᠯ ᠳᠤ᠂ ᠴᠡᠷᠢᠭ ᠤᠨ ᠲᠣᠭᠤᠷᠢᠭ ᠤᠨ ᠡᠯ᠎ᠡ ᠱᠠᠲᠤᠨ ᠤ ᠬᠢᠨ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠣᠭᠤᠷᠢᠨ ᠳᠤ᠂ ᠲᠤᠭ ᠢ ᠮᠠᠨᠳᠤᠭᠤᠯᠤᠨ ᠰᠦᠭ ᠰᠦᠨᠡᠰᠦ ᠶᠢ ᠱᠤᠭᠤᠬᠤ ᠶᠢ ᠡᠷᠡᠰ ᠪᠠᠷᠢᠮᠲᠠᠯᠠᠵᠤ᠂ ᠴᠡᠷᠢᠭ ᠪᠣᠯᠪᠠᠰᠤᠷᠠᠭᠤᠯᠤᠨ ᠲᠡᠶᠢᠨ ᠳᠤ ᠪᠡᠯᠡᠳᠭᠡᠬᠦ ᠶᠢ ᠴᠢᠩᠭ᠎ᠠ ᠠᠳᠬᠤᠵᠤ᠂ ᠡᠯ᠎ᠠ ᠵᠦᠢᠯ ᠤᠨ ᠬᠠᠳᠠᠭᠤ ᠰᠢᠯᠭᠠᠯᠳᠠ ᠶᠢ ᠲᠤᠭᠤᠯᠵᠦ ᠲᠠᠶᠢᠯᠬᠦ ᠬᠡᠳᠦ᠋ᠢᠳᠦᠭᠰᠡᠨ ᠦᠨᠳᠤᠰᠤᠨ ᠱᠠᠲᠤ ᠶᠢ ᠴᠤᠭᠴᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠭᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠥᠷᠭᠡᠨ ᠤᠯᠠᠨ ᠳᠠᠷᠤᠭ᠎ᠠ ᠪᠠᠶᠢᠯᠳᠤᠭᠴᠢ ᠬᠤᠶᠠᠷ ᠶᠡᠭᠡ ᠶᠠᠪᠤᠳᠠᠯ ᠢ ᠰᠠᠶᠢᠳᠤᠷ ᠬᠢᠬᠦ ᠳᠤ ᠦᠢᠯᠡᠴᠢᠯᠡᠬᠦ ᠢᠯᠠᠩᠭᠤᠶ᠎ᠠ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ᠂ ᠠᠶᠤᠯ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠠᠵᠢᠯ ᠤᠨ ᠳᠤᠮᠳᠠ ᠪᠡᠯᠡᠳᠭᠡᠯ ᠬᠦᠴᠦᠨ᠂ ᠭᠠᠪᠰᠢᠭᠠᠢ ᠠᠩᠬᠢ ᠶᠢᠨ ᠦᠢᠯᠡᠳᠦᠯ ᠢᠶᠠᠨ ᠪᠠᠳᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠵᠡᠢ᠃    ᠰᠦᠨ ᠱᠤᠤ ᠴᠧᠩ᠂ ᠰᠢᠨ᠎ᠡ ᠨᠢᠭᠡ ᠵᠢᠯ ᠳᠤ ᠴᠡᠷᠢᠭ ᠠᠩᠬᠢ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠦᠨᠡᠨ ᠬᠦ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠴᠡᠷᠢᠭ ᠤᠨ ᠲᠣᠭᠤᠷᠢᠭ ᠤᠨ ᠡᠯ᠎ᠡ ᠱᠠᠲᠤᠨ ᠤ ᠬᠢᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠲᠦᠷᠢᠮ ᠢ ᠡᠷᠡᠰ ᠬᠠᠮᠠᠭᠠᠯᠠᠨ ᠳᠣᠣᠱᠯᠠᠭᠤᠯᠵᠦ᠂ ᠤᠯᠤᠰ ᠲᠥᠷᠥ ᠶᠢᠨ ᠴᠡᠭᠴᠡᠯᠡᠯᠲᠡ ᠪᠣᠯᠪᠠᠰᠤᠷᠠᠯ ᠢ ᠪᠠᠶᠢᠩᠭᠤᠵᠢᠭᠤᠯᠬᠤ ᠳᠦᠷᠢᠮᠵᠢᠭᠦᠯᠬᠦ ᠶᠢ ᠭᠦᠨᠵᠡᠭᠡᠶ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠳᠠᠯᠳᠠ ᠬᠦᠴᠦᠨ ᠤ ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠴᠡᠷᠢᠭ ᠪᠣᠯᠪᠠᠰᠤᠷᠠᠭᠤᠯᠵᠤ ᠲᠡᠶᠢᠨ ᠳᠤ ᠪᠡᠯᠡᠳᠭᠡᠬᠦ ᠶᠢ ᠴᠢᠩᠭᠠᠳᠬᠠᠨ᠂ ᠡᠷᠦᠬᠡ ᠶᠢᠨ ᠴᠡᠷᠢᠭ ᠤᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠠᠶᠢᠭᠤᠯᠤᠯᠲᠠ ᠪᠠ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠂ ᠲᠤᠰᠠᠯᠠᠵᠤ ᠪᠠᠲᠤᠯᠠᠬᠤ ᠪᠠ ᠢᠯᠠᠯᠲᠠ ᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠶᠢᠯᠠᠯ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠯᠢ ᠬᠢᠵᠠᠭᠠᠷ ᠢ ᠬᠠᠮᠢᠶᠠᠷᠴᠤ ᠬᠢᠯᠢ ᠬᠢᠵᠠᠭᠠᠷ ᠢ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠠᠷᠭ᠎ᠠ ᠬᠡᠯᠪᠡᠷᠢ ᠡᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠬᠦ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠬᠢᠨ ᠭᠠᠷᠲᠠᠴᠠ ᠪᠠᠨ ᠣᠨᠣᠪᠴᠢᠲᠠᠢ ᠣᠯᠵᠤ᠂ ᠴᠢᠩᠭ᠎ᠠ ᠠᠷᠭ᠎ᠠ ᠬᠡᠮᠵᠢᠶ᠎ᠡ ᠠᠪᠴᠤ᠂ ᠪᠦᠬᠦ ᠬᠦᠴᠦᠨ ᠢᠶᠠᠷ ᠢᠶᠠᠨ ᠴᠡᠷᠢᠭ ᠠᠩᠭᠢ ᠳᠤ ᠰᠠᠶᠢᠲᠤᠷ ᠦᠢᠯᠡᠴᠢᠯᠡᠬᠦ ᠬᠡᠷᠡᠭᠲᠡᠢ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号