ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/11
   2 ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃   ᠬᠤᠷᠠᠯ ᠠᠴᠠ 1 ᠰᠠᠷ᠎ᠠ ᠶᠢᠨ 20᠎ ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠠᠵᠢᠯ ᠢ ᠰᠤᠳᠤᠯᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠳᠣᠣᠱᠯᠠᠭᠤᠯᠵᠦ᠂ ᠶᠠᠮᠠᠷᠪᠠ ᠦᠶ᠎ᠡ᠂ ᠶᠠᠮᠠᠷᠪᠠ ᠤᠴᠢᠷ ᠶᠠᠪᠤᠳᠠᠯ ᠳᠡᠭᠡᠷ᠎ᠡ ᠴᠥᠮ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠠ ᠪᠠᠷ ᠨᠢᠭᠡᠳᠦᠯᠲᠡᠢ ᠪᠠᠶᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠶᠡᠷᠦᠩᠬᠡᠶᠢᠯᠡᠨ ᠵᠢᠯᠤᠭᠤᠳᠤᠭᠤᠯᠵᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠶᠢᠨ ᠲᠣᠭᠤᠷᠢᠨ ᠳᠤ ᠪᠣᠳᠠᠲᠠᠢ ᠶᠢ ᠡᠷᠬᠢᠮᠯᠡᠭᠰᠡᠨ ᠪᠦᠳᠦᠮᠵᠢᠳᠠᠢ ᠠᠵᠢᠯ ᠤᠨ ᠲᠣᠭᠲᠡᠴᠡ ᠶᠢ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠵᠤ ᠠᠪᠴᠢᠷᠠᠬᠤ᠂ ᠡᠬᠢ ᠪᠠᠶᠠᠯᠢᠭ ᠢ ᠲᠤᠬᠢᠷᠠᠭᠤᠯᠬᠤ ᠵᠡᠷᠭᠡ ᠲᠠᠯ᠎ᠠ ᠪᠠᠷ ᠪᠦᠬᠦ ᠣᠷᠣᠨ ᠤ ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ 88 ᠵᠦᠢᠯ ᠤᠨ ᠣᠨ ᠤ ᠥᠭᠡᠷᠡᠴᠢᠯᠡᠯᠲᠡ ᠶᠢᠨ ᠡᠭᠦᠷᠭᠡ ᠶᠢ ᠨᠢᠭᠡᠳ ᠨᠢᠭᠡ ᠪᠠᠷ ᠰᠠᠶᠢᠲᠤᠷ ᠠᠳᠬᠤᠵᠤ᠂ ᠲᠥᠰᠦᠯ ᠪᠢᠴᠢᠭ ᠮᠠᠲ᠋ᠧᠷᠢᠶᠠᠯ ᠢ ᠪᠣᠯᠪᠠᠰᠤᠷᠠᠩᠭᠤᠢ ᠪᠣᠯᠬᠤ ᠪᠦᠷᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ᠤᠯᠤᠰ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠣᠳᠠᠲᠠᠶ ᠰᠢᠢᠳᠪᠦᠷᠢᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠤ ᠴᠢᠬᠤᠯᠠᠴᠢᠯᠠᠵᠠᠢ᠃   ᠬᠤᠷᠠᠯ ᠠᠴᠠ 2024 ᠣᠨ ᠤ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠲᠥᠪ ᠤᠨ ᠨᠠᠢᠮᠠᠨ ᠲᠣᠭᠲᠠᠭᠠᠯ ᠢ ᠳᠣᠣᠱᠯᠠᠭᠤᠯᠣᠨ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠣᠳᠠᠲᠠᠢ ᠶᠠᠪᠤᠳᠠᠯ ᠠᠴᠠ ᠡᠬᠢᠯᠡᠨ ᠴᠢᠩᠳᠠᠯᠠᠵᠤ᠂ ᠬᠠᠮᠢᠭ᠎ᠠ ᠪᠠᠶᠢᠴᠠᠭᠠᠨ ᠰᠤᠳᠤᠯᠤᠯᠲᠠ ᠬᠢᠭᠰᠡᠨ ᠴᠦ ᠪᠠᠷᠢᠮᠵᠢᠶ᠎ᠠ ᠠᠴᠠ ᠬᠡᠲᠦᠷᠡᠳᠡᠯ᠎ᠠ ᠵᠤᠴᠢᠯᠠᠭᠤᠯᠬᠤ ᠵᠡᠷᠭᠡ ᠦᠵᠡᠭᠳᠡᠯ ᠭᠠᠷᠴᠤ ᠪᠣᠯᠬᠤ ᠦᠭᠡᠢ᠂ ᠵᠠᠰᠠᠭ ᠤᠨ ᠣᠷᠳᠣᠨ ᠤ ᠠᠯᠪᠠᠨ ᠠᠵᠢᠯ ᠤᠨ ᠰᠢᠰᠲ᠋ᠧᠮ ᠤᠨ ᠬᠢᠨ ᠬᠤᠷᠠᠯ ᠪᠢᠴᠢᠭ ᠮᠠᠲ᠋ᠧᠷᠢᠶᠠᠯ ᠳᠤ ︽ᠬᠠᠰᠤᠬᠤ︾ ᠪᠠ ︽ᠪᠣᠳᠠᠲᠠᠢ︾ ᠪᠤᠯᠭᠠᠬᠤ ᠲᠠᠯ᠎ᠠ ᠪᠠᠷ ᠬᠦᠴᠦ ᠣᠷᠣᠭᠤᠯᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠶᠠᠭᠠᠬᠢᠭᠰᠠᠨ ᠴᠤ ᠨᠡᠮᠡᠭᠳᠡᠭᠦᠯᠵᠤ ᠪᠣᠯᠬᠤ ᠦᠭᠡᠢ ᠭᠡᠵᠦ ᠴᠢᠬᠤᠯᠠᠴᠢᠯᠠᠪᠠ᠃   ᠬᠤᠷᠠᠯ ᠠᠴᠠ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠢ ᠰᠤᠳᠤᠯᠵᠤ᠂ ᠲᠥᠪ ᠤᠨ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠲᠠᠷᠢᠶᠠᠯᠠᠩ ᠤᠨ ᠤᠰᠤ ᠠᠷᠪᠢᠯᠠᠬᠤ᠂ ᠨᠤᠲᠤᠭ ᠪᠡᠯᠴᠢᠭᠡᠷ ᠢ ᠬᠠᠮᠠᠭᠠᠯᠠᠬᠤ᠂ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠵᠡᠷᠭᠡ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠦᠢᠯᠡᠰ ᠢ ᠬᠥᠭᠵᠢᠭᠦᠯᠬᠦ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠣᠳᠣᠬᠢᠴᠢᠯᠠᠭᠰᠠᠨ ᠰᠢᠨ᠎ᠡ ᠲᠠᠷᠢᠶᠠᠯᠠᠬᠤ ᠣᠷᠣᠨ ᠰᠢᠨ᠎ᠠ ᠮᠠᠯᠵᠢᠬᠤ ᠤᠷᠤᠨ ᠢ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠰᠤᠳᠤᠯᠵᠤ᠂ 2024 ᠣᠨ ᠤ ᠦᠷ᠎ᠡ ᠪᠦᠲᠦᠮᠵᠢ ᠪᠣᠯᠤᠨ ᠬᠦᠷᠦᠯᠴᠡᠬᠦ ᠥᠬᠡᠶ ᠲᠠᠯ᠎ᠠ ᠶᠢ ᠳ᠋ᠦᠩᠨᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠬᠢᠨ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠡᠷᠬᠡ ᠳᠤ ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠳᠤ ᠪᠠᠰᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠴᠡᠭᠴᠡᠯᠡᠨ ᠨᠡᠶᠢᠳᠭᠡᠬᠦ ᠵᠡᠷᠭᠡ ᠠᠵᠢᠯ ᠢ ᠰᠤᠳᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号