ᠰᠦᠨ ᠱᠣᠣ ᠴᠧᠩ ᠪᠦᠯᠬᠦᠮ ᠳᠠᠭᠠᠭᠤᠯᠤᠨ ᠪᠷᠠᠽᠢᠯ ᠪᠣᠯᠤᠨ ᠦᠷᠦ᠋ᠭᠤᠸᠠᠶ ᠳᠤ ᠠᠶᠢᠯᠴᠢᠯᠠᠪᠠ
ᠨᠡᠶᠢᠲᠡᠯᠡᠭᠰᠡᠨ ᠴᠠᠭ᠄
2025/2/11
    ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠵᠦ᠂ ᠳᠤᠮᠳᠠᠳᠤ ᠪᠷᠠᠽᠢᠯ᠂ ᠳᠤᠮᠳᠠᠳᠤ ᠦᠷᠦ᠋ᠭᠤᠸᠠᠶ ᠶᠢᠨ ᠲᠡᠷᠢᠭᠦᠨ ᠤ ᠳᠣᠭᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠤᠯᠤᠨ ᠬᠤᠶᠠᠷ ᠤᠯᠤᠰ ᠤᠨ ᠬᠤᠯᠪᠣᠭᠳᠠᠯ ᠪᠥᠬᠦᠶ ᠲᠠᠯ᠎ᠠ ᠪᠠ ᠭᠠᠵᠠᠷ ᠣᠷᠣᠨ ᠤ ᠰᠣᠯᠢᠯᠴᠠᠭ᠎ᠠ ᠶᠢ ᠴᠢᠩᠭᠠᠳᠬᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠨᠡᠭᠡᠭᠡᠯᠲᠡ ᠬᠢᠵᠦ ᠬᠥᠭᠵᠢᠬᠦ ᠶᠢ ᠨᠠᠩ ᠰᠠᠶᠢᠲᠤᠷ ᠪᠡᠶᠡᠯᠡᠭᠦᠯᠬᠦ ᠶᠢᠨ ᠲᠣᠭᠤᠷᠢᠨ ᠳᠤ᠂ 2 ᠰᠠᠷ᠎ᠠ ᠶᠢᠨ 1᠎ ᠤ ᠡᠳᠦᠷ ᠠᠴᠠ 9᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠦᠯᠬᠦᠮ ᠳᠠᠭᠠᠭᠤᠯᠤᠨ ᠪᠷᠠᠽᠢᠯ᠂ ᠦᠷᠦ᠋ᠭᠤᠸᠠᠶ ᠳᠤ ᠠᠶᠢᠯᠴᠢᠯᠠᠪᠠ᠃    ᠪᠷᠠᠽᠢᠯ ᠳᠤ ᠠᠶᠢᠯᠴᠢᠯᠠᠬᠤ ᠬᠤᠭᠤᠴᠠᠭᠠᠨ ᠳᠠᠭᠠᠨ ᠰᠦᠨ ᠱᠤᠤ ᠴᠧᠩ ᠡᠩ ᠲᠡᠷᠢᠭᠦᠨ ᠳᠤ ᠰᠠᠩᠲ᠋ᠤᠰ ᠭᠠᠷᠠᠮ ᠳᠤ ᠬᠦᠷᠴᠦ᠂ ᠭᠠᠷᠠᠮ ᠤᠨ ᠪᠦᠳᠦᠬᠡᠨ ᠪᠠᠶᠢᠭᠤᠯᠤᠯᠲᠠ ᠪᠣᠯᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠳᠤᠮᠳᠠᠳᠤ ᠤᠯᠤᠰ ︵ᠥᠪᠥᠷ ᠮᠣᠩᠭᠤᠯ︶ — ᠪᠷᠠᠽᠢᠯ ᠤᠨ ᠰᠢᠷ᠎ᠠ ᠪᠤᠷᠴᠠᠭ ᠤᠨ ᠦᠷᠭᠦᠯᠵᠢᠯᠡᠬᠦ ᠪᠠᠶᠢᠯᠳᠤᠬᠤ ᠪᠤᠳᠤᠯᠭ᠎ᠠ ᠶᠢᠨ ᠭᠡᠷ᠎ᠡ ᠲᠣᠭᠲᠠᠬᠤ ᠶᠣᠰᠣᠯᠠᠯ ᠵᠢᠴᠢ ᠪᠦᠬᠦ ᠪᠥᠮᠪᠥᠷᠴᠡᠭ ᠤᠨ ᠰᠦ ᠶᠢᠨ ᠦᠢᠯᠡᠰ ᠤᠨ ᠦᠷᠭᠦᠯᠵᠢᠯᠡᠬᠦ ᠬᠠᠩᠭᠠᠯᠭ᠎ᠠ ᠶᠢᠨ ᠬᠡᠯᠬᠢᠶ᠎ᠠ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢ ᠲᠤᠬᠢᠷᠠᠯᠴᠠᠨ ᠨᠡᠶᠢᠲᠡᠯᠡᠬᠦ ᠶᠣᠰᠣᠯᠠᠯ ᠳᠤ ᠣᠷᠣᠯᠴᠠᠪᠠ᠃ ᠲᠤᠬᠠᠶ ᠶᠢᠨ ᠭᠠᠵᠠᠷ ᠤᠨ ᠴᠠᠭ ᠢᠶᠠᠷ 2 ᠰᠠᠷ᠎ᠠ ᠶᠢᠨ 3᠎ ᠤ ᠦᠳᠡ ᠶᠢᠨ ᠬᠤᠶᠢᠨ᠎ᠠ᠂ ᠰᠦᠨ ᠱᠤᠤ ᠴᠧᠩ ᠰᠠᠩᠸᠤᠩ ᠫᠠᠦ᠋ᠯᠦ᠋ ᠳᠤ ︽2026 ᠳᠡᠯᠡᠬᠡᠶ ᠶᠢᠨ ᠬᠤᠨᠳᠠᠭᠠᠲᠤ ᠬᠥᠯ ᠪᠥᠮᠪᠦᠭᠡ ᠶᠢᠨ ᠤᠷᠤᠯᠳᠤᠭᠠᠨ ᠤ ᠲᠤᠭᠴᠢ ᠡᠯᠰᠡᠬᠦ ᠵᠢᠴᠢ ᠥᠪᠥᠷ ᠮᠣᠩᠭᠤᠯ ᠰᠠᠩᠸᠤᠩ ᠫᠠᠦ᠋ᠯᠦ᠋ ᠶᠢᠨ ᠣᠷᠣᠨ ᠪᠦᠰᠡ ᠶᠢᠨ ᠡᠬᠢᠯᠡᠯᠲᠡ ᠶᠢᠨ ᠶᠣᠰᠣᠯᠠᠯ︾᠎ ᠳᠤ ᠣᠷᠣᠯᠴᠠᠵᠤ᠂ ᠰᠠᠩᠸᠤᠩ ᠫᠠᠦ᠋ᠯᠦ᠋ ᠵᠧᠤ ᠶᠢᠨ ᠣᠷᠣᠯᠠᠭᠴᠢ ᠳᠠᠷᠤᠭ᠎ᠠ ᠯᠠᠮᠦ᠋ᠰ ᠵᠡᠷᠭᠡ ᠲᠤᠰᠢᠶᠠᠯᠲᠠᠨ ᠲᠠᠢ ᠠᠭᠤᠯᠵᠠᠪᠠ᠃ ᠳᠠᠷᠠᠭ᠎ᠠ ᠨᠢ ᠶᠠᠪᠤᠭᠳᠠᠭᠰᠠᠨ ᠳᠤᠮᠳᠠᠳᠤ ᠤᠯᠤᠰ ︵ᠥᠪᠥᠷ ᠮᠣᠩᠭᠤᠯ︶ — ᠪᠷᠠᠽᠢᠯ ᠤᠨ ᠪᠡᠯᠡ ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭᠠᠨ ᠤ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠰᠦᠨ ᠱᠤᠤ ᠴᠧᠩ ᠪᠠᠶᠠᠷ ᠤᠨ ᠦᠭᠡ ᠬᠡᠯᠡᠪᠡ᠃ ᠲᠡᠷᠡ ᠪᠠᠶᠠᠷ ᠤᠨ ᠦᠭᠡ ᠳᠡᠭᠡᠨ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠪᠷᠠᠽᠢᠯ ᠤᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠳᠤᠨᠤᠨ ᠤ 11 ᠰᠠᠷ᠎ᠠ ᠳᠤ ᠪᠷᠠᠽᠢᠯ ᠳᠤ ᠠᠶᠢᠯᠴᠢᠯᠠᠬᠤ ᠬᠤᠭᠤᠴᠠᠭᠠᠨ ᠳᠤ ᠳᠤᠮᠳᠠᠳᠤ ᠪᠷᠠᠽᠢᠯ ︽ᠨᠡᠩ ᠲᠥᠪ ᠭᠤᠣᠯᠴᠢ ᠳᠡᠯᠡᠬᠡᠢ ᠶᠢᠷᠳᠢᠨᠴᠦ ᠪᠣᠯᠤᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠢ ᠭᠠᠷ ᠬᠤᠯᠪᠣᠨ ᠪᠠᠶᠢᠭᠤᠯᠬᠤ ᠲᠤᠬᠠᠢ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠢᠯᠡᠷᠬᠡᠶᠢᠯᠡᠯᠲᠡ︾ ᠵᠢᠴᠢ ᠠᠯᠢ ᠤᠯᠠᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠬᠤᠶᠠᠷ ᠤᠯᠤᠰ ᠤᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ ᠣᠷᠣᠪᠠ᠃ ᠥᠪᠥᠷ ᠮᠣᠩᠭᠤᠯ ᠪᠣᠯ ᠳᠤᠮᠳᠠᠳᠤ ᠤᠯᠤᠰ ᠤᠨ ᠨᠢᠭᠡᠨ ᠥᠪᠡᠷᠲᠡᠭᠡᠨ ᠵᠠᠰᠠᠬᠤ ᠣᠷᠣᠨ ᠮᠥᠨ᠃ ᠪᠷᠠᠽᠢᠯ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠠᠵᠤ ᠠᠬᠤᠢ ᠶᠢᠨ ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠴᠢᠩᠭ᠎ᠠ᠂ ᠮᠠᠯ ᠠᠵᠤ ᠠᠬᠤᠢ ᠲᠠᠷᠢᠶᠠᠯᠠᠩ᠂ ᠰᠢᠨ᠎ᠡ ᠡᠨᠧᠷᠭᠢ᠂ ᠰᠣᠶᠣᠯ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ ᠳᠤᠷᠠᠲᠠᠶ᠎ᠠ ᠬᠤᠶᠠᠷ ᠲᠠᠯ᠎ᠠ ᠪᠠᠷ ᠢᠶᠠᠨ ᠭᠠᠷ ᠬᠤᠯᠪᠣᠨ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠬᠠᠮᠲᠤ ᠪᠠᠷ ᠠᠬᠢᠭᠤᠯᠤᠨ᠎ᠠ᠃ ᠡᠭᠦᠨ ᠤ ᠵᠡᠷᠭᠡ ᠪᠠᠷ ᠪᠷᠠᠽᠢᠯ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠨᠥᠬᠦᠷᠰᠡᠭ ᠬᠤᠳᠠ ᠶᠢᠨ ᠬᠠᠷᠢᠯᠴᠠᠭ᠎ᠠ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠲᠤᠷᠠᠯᠴᠠᠨ ᠬᠥᠭᠵᠢᠬᠦ ᠰᠢᠨ᠎ᠡ ᠵᠠᠮ ᠢ ᠬᠠᠮᠲᠤ ᠪᠠᠷ ᠰᠦᠪᠡᠭᠴᠢᠯᠡᠬᠦ ᠶᠢ ᠬᠦᠰᠡᠵᠦ ᠪᠠᠶᠢᠨ᠎ᠠ ᠭᠡᠵᠤ ᠭᠡᠯᠡᠪᠡ᠃ ᠲᠣᠰ ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠢ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠪᠷᠠᠽᠢᠯ ᠤᠨ ᠭᠠᠳᠠᠭᠠᠳᠤ ᠭᠠᠷᠭᠠᠯᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠴᠠ ᠬᠠᠮᠲᠤᠷᠠᠨ ᠡᠷᠭᠢᠯᠡᠵᠦ᠂ ᠳᠤᠮᠳᠠᠳᠤ ᠪᠷᠠᠽᠢᠯ ᠬᠤᠶᠠᠷ ᠲᠠᠯ᠎ᠠ ᠶᠢᠨ ᠨᠡᠶᠢᠲᠡ 200 ᠭᠠᠷᠤᠶ ᠠᠵᠤ ᠠᠬᠤᠶᠢᠯᠠᠯ ᠣᠷᠣᠯᠴᠠᠵᠤ᠂ ᠬᠠᠮᠲᠤᠷᠠᠯᠴᠠᠭᠠᠨ ᠤ ᠲᠥᠷᠥᠯ ᠵᠦᠢᠯ᠂ ᠵᠥᠪᠯᠡᠯᠴᠡᠭᠡᠷ 17 ᠲᠣᠭᠲᠠᠵᠤ᠂ ᠲᠠᠷᠢᠮᠠᠯ ᠤᠨ ᠦᠢᠯᠡᠰ᠂ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠢᠳᠡᠭᠡᠨ ᠵᠢᠴᠢ ᠰᠦ ᠶᠢᠨ ᠦᠢᠯᠡᠰ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 100 ᠳ᠋ᠦᠩᠰᠢᠭᠤᠷ ᠰᠢᠬᠠᠮ ᠲᠥᠭᠦᠷᠢᠭ ᠲᠤ ᠬᠥᠷᠴᠠᠢ᠃    ᠦᠷᠦ᠋ᠭᠤᠸᠠᠢ ᠳᠤ ᠠᠶᠢᠯᠴᠢᠯᠠᠬᠤ ᠬᠤᠭᠤᠴᠠᠭᠠᠨ ᠳᠠᠭᠠᠨ ᠰᠦᠨ ᠱᠤᠤ ᠴᠧᠩ ᠤᠷᠢᠯᠭ᠎ᠠ ᠪᠠᠷ ᠠᠶᠢᠰᠲ ᠬᠤᠱᠤᠤ ᠳᠤ ᠦᠷᠦ᠋ᠭᠤᠸᠠᠢ ᠶᠢᠨ ᠬᠤᠶᠠᠳᠤᠭᠠᠷ ᠬᠤᠭᠤᠴᠠᠭᠠᠨ ᠤ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠵᠤ᠂ ᠲᠤᠬᠠᠢ ᠶᠢᠨ ᠭᠠᠵᠠᠷ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠮᠡᠷᠭᠡᠵᠢᠯ ᠤᠨ ᠬᠡᠷᠡᠭᠯᠡᠯᠲᠡ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠵᠤ᠂ ᠢᠯᠢ ᠪᠦᠯᠦᠭᠯᠡᠯ ᠪᠣᠯᠤᠨ ᠺᠤᠨᠠ ᠰᠦ ᠶᠢᠨ ᠦᠢᠯᠡᠰ᠂ ᠬᠥᠯᠥᠨ ᠪᠤᠶᠢᠷ ᠤᠨ ᠲᠠᠷᠢᠶᠠᠯᠠᠩ ᠤᠨ ᠠᠳᠠᠷ ᠬᠠᠭᠠᠯᠪᠤᠷᠢᠯᠠᠯᠲᠠ ᠶᠢᠨ ᠪᠦᠯᠦᠭᠯᠡᠯ ᠪᠣᠯᠤᠨ ᠠᠭᠦᠯᠢᠨᠸᠢᠰᠲ ᠺᠣᠮᠫᠠᠨᠢ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠬᠤ ᠶᠢ ᠭᠡᠷᠡᠴᠢᠯᠡᠪᠡ᠃ ᠮᠤᠨᠲ᠋ᠤᠸᠢᠳᠢᠶᠠ ᠳᠤ ᠰᠦᠨ ᠱᠤᠤ ᠴᠧᠩ ᠦᠷᠦ᠋ᠭᠤᠸᠠᠶ ᠶᠢᠨ ᠭᠠᠳᠠᠭᠠᠳᠤ ᠶᠠᠪᠤᠳᠠᠯ ᠤᠨ ᠶᠠᠮᠤᠨ ᠳᠤ ᠬᠦᠷᠴᠦ ᠨᠢᠺᠦ᠋ᠯᠠᠰ · ᠠᠷᠸᠢᠲ᠋ᠤᠨᠢ ᠳᠡᠳ᠋ ᠰᠠᠶᠢᠳ ︵ᠣᠷᠣᠯᠠᠭᠴᠢ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ︶᠎ ᠲᠠᠢ ᠬᠡᠯᠡᠯᠴᠡᠭᠡ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠰᠠᠨ ᠬᠤᠰᠧ ᠮᠤᠵᠢ ᠶᠢᠨ ᠨᠥᠬᠦᠷᠰᠡᠭ ᠬᠤᠲᠠ ᠶᠢᠨ ᠬᠡᠯᠡᠯᠴᠡᠭᠡᠷ ᠰᠣᠯᠢᠯᠴᠠᠬᠤ ᠶᠣᠰᠣᠯᠠᠯ ᠳᠤ ᠣᠷᠣᠯᠴᠠᠪᠠ᠃    ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠣᠯ ᠲᠤᠰ ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ ᠬᠠᠷᠠᠯᠲᠠ ᠪᠣᠯᠤᠨ᠎ᠠ᠃ ᠪᠷᠠᠽᠢᠯ ᠪᠣᠯᠤᠨ ᠦᠷᠦ᠋ᠭᠤᠸᠠᠢ ᠳᠤ ᠪᠠᠶᠢᠬᠤ ᠬᠤᠭᠤᠴᠠᠭᠠᠨ ᠳᠠᠭᠠᠨ ᠰᠦᠨ ᠱᠤᠤ ᠴᠧᠩ ᠪᠷᠠᠽᠢᠯ ᠤᠨ ᠲᠠᠷᠢᠶᠠᠯᠡᠩ ᠪᠣᠯᠤᠨ ᠮᠠᠯ ᠠᠵᠤ ᠠᠬᠤᠢ ᠶᠢᠨ ᠶᠠᠮᠤᠨ ᠤ ᠳᠡᠳ᠋ ᠰᠠᠶᠢᠳ ᠺᠤᠯᠠᠶᠢᠪᠦ᠋ᠤᠤ · ᠰᠦᠯᠦ᠋ᠢᠰ᠂ ᠦᠷᠦ᠋ᠭᠤᠸᠠᠢ ᠶᠢᠨ ᠮᠠᠯ ᠠᠵᠤ ᠠᠬᠤᠢ ᠲᠠᠷᠢᠶᠠᠯᠠᠩ ᠵᠢᠭᠠᠰᠤᠨ ᠤ ᠠᠵᠤ ᠠᠬᠤᠢ ᠶᠢᠨ ᠶᠠᠮᠤᠨ ᠤ ᠰᠠᠶᠢᠳ ᠹᠧᠷᠨᠠᠨᠳᠣ᠋ · ᠮᠠᠲ᠋ᠦ᠋ᠸ᠋ᠰ ᠲᠠᠢ ᠲᠤᠰ ᠲᠤᠰ ᠠᠭᠤᠯᠵᠠᠪᠠ᠃ ᠲᠡᠷᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠮᠠᠯ ᠠᠵᠤ ᠠᠬᠤᠢ ᠲᠠᠷᠢᠶᠠᠯᠠᠩ ᠤᠨ ᠲᠤᠮᠤ ᠣᠷᠣᠨ᠂ ᠪᠷᠠᠽᠢᠯ᠂ ᠦᠷᠦ᠋ᠭᠤᠸᠠᠢ ᠪᠣᠯ ᠳᠡᠯᠡᠬᠡᠢ ᠶᠢᠨ ᠮᠠᠯ ᠠᠵᠤ ᠠᠬᠤᠢ ᠲᠠᠷᠢᠶᠠᠯᠠᠩ ᠤᠨ ᠲᠤᠮᠤ ᠤᠯᠤᠰ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠴᠢᠬᠤᠯᠠ ᠤᠯᠤᠰ ᠪᠠᠶᠢᠵᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠣᠯ ᠪᠢᠳᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠥᠪᠥᠷ ᠮᠣᠩᠭᠤᠯ ᠬᠤᠶᠠᠷ ᠤᠯᠤᠰ ᠤᠨ ᠬᠤᠯᠪᠣᠭᠳᠠᠯ ᠪᠥᠬᠦᠶ ᠲᠠᠯ᠎ᠠ ᠪᠠ ᠭᠠᠵᠠᠷ ᠣᠷᠣᠨ ᠲᠠᠢ ᠮᠠᠯ ᠠᠵᠤ ᠠᠬᠤᠶ ᠲᠠᠷᠢᠶᠠᠯᠠᠩ ᠤᠨ ᠬᠦᠷᠢᠶᠡᠨ ᠳᠠᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠯᠠᠩᠭᠤᠶ᠎ᠠ ᠦᠷ᠎ᠡ ᠶᠢᠨ ᠦᠢᠯᠡᠰ ᠭᠡᠬᠦ ᠡᠨᠡ ᠬᠦ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠠᠴᠠ ᠲᠠᠪᠴᠠᠩ ᠪᠠᠶᠢᠭᠤᠯᠬᠤ ᠪᠠᠷ ᠳᠠᠮᠵᠢᠨ ᠨᠠᠩ ᠣᠯᠠᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠠᠮᠤ ᠪᠤᠳᠠᠭ᠎ᠠ᠂ ᠪᠤᠭ ᠮᠠᠯ᠂ ᠦᠬᠡᠷ᠂ ᠡᠪᠡᠰᠦ ᠵᠡᠷᠭᠡ ᠶᠢᠨ ᠦᠷ᠎ᠡ ᠡᠳ᠋ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠭᠠᠷ ᠬᠤᠯᠪᠣᠨ ᠠᠬᠢᠭᠤᠯᠵᠤ᠂ ᠥᠨᠳᠥᠷ ᠲᠦᠪᠰᠢᠨ ᠪᠥᠬᠦᠶ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃    ᠠᠶᠢᠯᠴᠢᠯᠠᠯᠲᠠ ᠶᠢᠨ ᠬᠤᠭᠤᠴᠠᠭᠠᠨ ᠳᠤ ᠰᠦᠨ ᠱᠤᠤ ᠴᠧᠩ ᠪᠠᠰᠠ ᠳᠤᠮᠳᠠᠳᠤ ᠤᠯᠤᠰ ᠤᠨ ᠪᠷᠠᠽᠢᠯ ᠳᠤ ᠰᠠᠭᠤᠭ᠎ᠠ ᠡᠯᠴᠢᠨ ᠰᠠᠶᠢᠳ ᠵᠦ ᠴᠢᠩ ᠴᠢᠶᠣᠤ᠂ ᠦᠷᠦ᠋ᠭᠤᠸᠠᠢ ᠳᠤ ᠰᠠᠭᠤᠭ᠎ᠠ ᠡᠯᠴᠢᠨ ᠰᠠᠶᠢᠳ ᠬᠤᠸᠠᠩ ᠶᠠ ᠵᠦᠩ᠂ ᠪᠷᠠᠽᠢᠯ ᠤᠨ ᠰᠠᠩᠸᠤᠩ ᠫᠠᠦ᠋ᠯᠥ᠋ ᠳᠤ ᠰᠠᠭᠤᠭ᠎ᠠ ᠶᠡᠷᠦᠩᠬᠡᠢ ᠺᠤᠨᠰᠦ᠋ᠯ ᠢᠦᠢ ᠫᠧᠩ ᠲᠠᠢ ᠠᠭᠤᠯᠵᠠᠵᠤ᠂ ᠡᠯ᠎ᠡ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠢᠨ ᠤ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠭᠰᠡᠨ ᠪᠥᠭᠡᠳ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠤᠯᠤᠰ ᠤᠨ ᠬᠤᠯᠪᠣᠭᠳᠠᠯ ᠪᠦᠬᠦᠢ ᠲᠠᠯ᠎ᠠ ᠪᠣᠯᠤᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠳᠤ ᠬᠦᠴᠦᠨ ᠨᠡᠮᠡᠷᠢᠯᠡᠬᠦ ᠶᠢ ᠴᠢᠩ ᠰᠡᠳᠭᠢᠯ ᠠᠴᠠ ᠪᠠᠨ ᠬᠦᠰᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号