2 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠬᠦ | ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠤᠬᠠᠢ | ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ | ᠸᠠᠩ ᠯᠢ ᠰᠢᠶᠠ ᠰᠤᠷᠭᠠᠭᠤᠯᠢ ᠶᠢᠨ ︽ᠬᠤᠤᠰ ᠲᠡᠷᠢᠭᠦᠨ ᠵᠡᠷᠭᠡ︾ ᠶᠢᠨ ᠪᠥᠲᠥᠭᠡᠨ ᠪᠠᠶᠢᠭᠤᠯᠤᠯᠲᠠ ᠶᠢᠨ | ᠠᠵᠢᠯ ᠢ ᠮᠠᠰᠢ ᠬᠠᠯᠠᠮᠵᠢᠯᠠᠵᠤ᠂ ᠡᠨᠧᠷᠭᠢ ᠶᠢᠨ ᠮᠠᠲ᠋ᠧᠷᠢᠶᠠᠯ ᠬᠢᠮᠢ ᠶᠢᠨ ᠰᠤᠳᠤᠯᠭᠠᠨ ᠤ ᠬᠦᠷᠢᠶᠡᠯᠡᠩ ᠤᠨ ᠰᠢᠨ᠎ᠡ | ᠬᠡᠯᠪᠡᠷᠢ ᠶᠢᠨ ᠡᠨᠧᠷᠭᠢ ᠨᠦᠬᠡᠴᠡᠯᠡᠬᠦ ᠳ᠋ᠢᠶᠠᠨ ᡂᠢ ᠶᠢᠨ ᠮᠠᠲ᠋ᠧᠷᠢᠶᠠᠯ ᠤᠨ ᠲᠤᠷᠰᠢᠯᠲᠠ ᠶᠢᠨ ᠲᠠᠰᠤᠭ ᠪᠣᠯᠤᠨ ᠬᠤᠪᠣᠷ | ᠰᠢᠷᠣᠶ ᠶᠢᠨ ᠮᠠᠲ᠋ᠧᠷᠢᠶᠠᠯ ᠤᠨ ᠰᠤᠳᠤᠯᠭᠠᠨ ᠤ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠭᠰᠠᠨ ᠲᠤᠷᠰᠢᠯᠲᠠ ᠶᠢᠨ | ᠲᠠᠰᠤᠭ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠰᠠᠨᠠᠯ ᠢᠶᠠᠨ ᠭᠦᠨᠵᠡᠭᠡᠶ | ᠰᠣᠯᠢᠯᠴᠠᠵᠤ᠂ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ᠂ ᠲᠤᠰᠬᠠᠶ ᠮᠡᠷᠭᠡᠵᠢᠯᠲᠡᠨ ᠤ ᠪᠦᠯᠬᠦᠮ ᠤᠨ ᠪᠠᠶᠢᠭᠤᠯᠤᠯᠲᠠ | ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠭᠰᠡᠨ ᠵᠡᠷᠭᠡ ᠪᠠᠶᠢᠳᠠᠯ ᠢ | ᠨᠠᠷᠢᠨ ᠣᠶᠢᠯᠠᠭᠠᠪᠠ᠃ ᠲᠡᠷᠡ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠨᠠᠩ ᠶᠡᠭᠡ ᠦᠢᠯᠡᠳᠦᠯ ᠦᠵᠡᠭᠦᠯᠵᠦ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠤᠯᠪᠣᠭᠠᠯᠠᠨ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ | ᠪᠡᠶ᠎ᠡ ᠪᠠᠨ ᠳᠠᠭᠠᠭᠠᠵᠤ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠬᠡᠲᠦ ᠳᠤᠤᠷ᠎ᠠ ᠳᠤᠯᠠᠭᠠᠨ ᠤ ᠳ᠋ᠢᠶᠠᠨ ᡂᠢ ᠶᠢᠨ | ᠰᠢᠯᠭᠠᠯᠲᠠ ᠶᠢᠨ ᠰᠢᠰᠲ᠋ᠧᠮ ᠵᠡᠷᠭᠡ ᠰᠢᠨ᠎ᠡ ᠮᠡᠷᠭᠡᠵᠢᠯ ᠢ ᠵᠠᠬ᠎ᠠ ᠳᠡᠯᠭᠡᠭᠦᠷᠴᠢᠯᠡᠨ ᠬᠡᠷᠡᠭᠯᠡᠬᠦ ᠶᠢ ᠲᠦᠷᠭᠡᠳᠭᠡᠨ | ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠳᠠᠷᠤᠶ ᠲᠦᠷᠭᠡᠨ ᠪᠣᠳᠠᠲᠤ | ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠪᠡ᠃ | ᠳᠠᠷᠠᠭ᠎ᠠ ᠨᠢ᠂ ᠸᠠᠩ ᠯᠢ ᠰᠢᠶᠠ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠤᠤᠰ ᠲᠡᠷᠢᠭᠦᠨ | ᠵᠡᠷᠭᠡ︾ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠰᠣᠨᠣᠰᠴᠤ᠂ ᠪᠠᠭᠰᠢ ᠶᠢᠨ ᠲᠥᠯᠥᠭᠡᠯᠡᠭᠴᠢ | ᠪᠣᠯᠤᠨ ᠬᠠᠮᠢᠶ᠎ᠠ ᠪᠥᠬᠦᠶ ᠰᠢᠨᠵᠢᠯᠡᠭᠡᠨ ᠤ ᠳᠠᠭᠠᠭᠤᠯᠤᠭᠴᠢ ᠲᠠᠢ ᠰᠠᠨᠠᠯ ᠢᠶᠠᠨ ᠨᠢᠭᠤᠷᠳᠠᠨ ᠰᠣᠯᠢᠯᠴᠠᠪᠠ᠃ ᠲᠡᠷᠡ᠂ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠨᠡᠭᠡᠭᠡᠯᠲᠡᠲᠤ | ᠰᠤᠷᠭᠠᠭᠤᠯᠢ ᠡᠷᠭᠢᠯᠡᠵᠦ᠂ ᠥᠷᠢᠰᠥᠯᠳᠦᠭᠡᠨ ᠤ ᠳᠤᠮᠳᠠ ᠬᠥᠭᠵᠢᠵᠦ᠂ ᠣᠨᠴᠠᠯᠢᠭ ᠢᠶᠠᠷ ᠢᠯᠡ ᠲᠣᠳᠣ ᠲᠡᠷᠢᠭᠦᠨ ᠤ | ᠶᠡᠭᠡ ᠰᠤᠷᠭᠠᠭᠤᠯᠢ ᠶᠢ ᠰᠠᠶᠢᠲᠤᠷ ᠡᠷᠭᠢᠯᠡᠬᠦ ᠬᠡᠷᠡᠭᠲᠡᠢ︾ ᠭᠡᠰᠡᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ︽ᠶᠠᠮᠠᠷ ᠶᠠᠩᠵᠤ ᠶᠢᠨ ᠶᠡᠭᠡ ᠰᠤᠷᠭᠠᠭᠤᠯᠢ ᠶᠢ ᠪᠥᠲᠥᠭᠡᠨ | ᠪᠠᠶᠢᠭᠤᠯᠬᠤ︾ ᠶᠢᠨ ᠲᠣᠭᠤᠷᠢᠨ ᠳᠤ ᠶᠡᠭᠡ ᠶᠠᠷᠢᠯᠴᠠᠯᠭ᠎ᠠ ᠶᠢ ᠵᠤᠬᠢᠶᠠᠨ ᠪᠠᠶᠢᠭᠤᠯᠤᠨ ᠥᠷᠨᠢᠭᠦᠯᠵᠦ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠤᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠢᠯ ᠪᠦᠷᠢ ᠶᠢᠨ ᠬᠠᠷᠠᠯᠲᠠ ᠠᠷᠭ᠎ᠠ | ᠬᠡᠮᠵᠢᠶ᠎ᠡ ᠶᠢ ᠲᠣᠭᠲᠠᠭᠠᠵᠤ᠂ ᠣᠳᠣᠬᠢᠴᠢᠯᠠᠭᠰᠠᠨ ᠥᠨᠳᠥᠷ ᠲᠦᠪᠰᠢᠨ ᠪᠥᠬᠦᠶ ᠶᠡᠭᠡ ᠰᠤᠷᠭᠠᠭᠤᠯᠢ ᠶᠢ ᠪᠥᠲᠥᠭᠡᠨ | ᠪᠠᠶᠢᠭᠤᠯᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠶ ᠤᠷᠤᠭᠰᠢᠯᠠᠬᠤ ᠬᠡᠷᠡᠭᠲᠡᠶ᠃ ︽ᠲᠡᠷᠢᠭᠦᠨ ᠤ ᠰᠢᠨᠵᠢᠯᠡᠭᠡᠨ ᠤ | ᠰᠠᠯᠠᠭ᠎ᠠ ᠶᠢ ᠬᠡᠷᠬᠢᠨ ᠪᠠᠶᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠨ ᠨᠢᠮᠪᠠᠶ ᠤᠬᠠᠭᠠᠯᠠᠨ ᠲᠦᠯᠦᠪᠯᠡᠵᠦ | ᠂ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢᠨ ᠲᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠬᠤ᠂ ᠰᠢᠨ᠎ᠡ ᠪᠠᠷ | ᠮᠠᠨᠳᠤᠭᠰᠠᠨ ᠰᠢᠨᠵᠢᠯᠡᠭᠡᠨ ᠤ ᠰᠠᠯᠠᠭ᠎ᠠ ᠶᠢᠨ ᠬᠦᠴᠦᠯᠡᠨ ᠴᠢᠷᠮᠠᠶᠢᠵᠤ ᠬᠦᠭᠡᠭᠡᠨ ᠭᠦᠢᠴᠡᠬᠦ ᠶᠢ ᠠᠬᠢᠭᠤᠯᠵᠤ᠂ | ᠠᠭᠤᠯᠤᠭᠳᠠᠬᠤᠨ ᠤ ᠬᠡᠯᠪᠡᠷᠢ ᠶᠢᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ᠨᠠᠮ ᠤᠨ ᠲᠥᠯᠥᠭᠡ ᠬᠥᠮᠦᠨ | ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ ︽ᠴᠢᠳᠠᠪᠤᠷᠢᠲᠠᠨ ᠢ ᠬᠡᠷᠬᠢᠨ ᠰᠠᠶᠢᠲᠤᠷ ᠣᠷᠣᠭᠤᠯᠤᠨ ᠠᠪᠴᠢᠷᠠᠵᠤ ᠬᠦᠮᠦᠵᠢᠭᠦᠯᠬᠦ︾ | ᠲᠠᠢ ᠨᠢᠭᠲᠠ ᠤᠶᠠᠯᠳᠤᠭᠤᠯᠵᠤ ᠪᠣᠳᠠᠲᠠᠶ ᠠᠷᠭ᠎ᠠ ᠬᠡᠮᠵᠢᠶ᠎ᠡ ᠶᠢ ᠣᠯᠠᠨ ᠠᠪᠴᠤ᠂ ᠴᠢᠳᠠᠪᠤᠷᠢᠲᠠᠨ ᠤ ᠲᠤᠬᠠᠶ | ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠲᠡᠷᠡ ᠶᠤᠰᠤᠭᠠᠷ ᠨᠢ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠢ ᠰᠠᠶᠢᠲᠤᠷ ᠬᠠᠷᠠᠭᠠᠯᠵᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠦᠬᠦ ᠬᠦᠴᠦᠨ ᠢᠶᠠᠷ ᠢᠶᠠᠨ ᠪᠣᠶ ᠪᠣᠯᠭᠠᠵᠤ᠂ ᠲᠡᠷᠢᠭᠦᠨ ᠤ ᠵᠢᠭᠠᠨ ᠰᠤᠷᠭᠠᠯᠲᠠ ᠪᠠ ᠰᠢᠨᠵᠢᠯᠡᠬᠦ | ᠤᠬᠠᠭᠠᠨ ᠤ ᠰᠤᠳᠤᠯᠭᠠᠨ ᠤ ᠣᠷᠴᠢᠨ ᠲᠣᠭᠤᠷᠢᠨ ᠢ ᠡᠭᠦᠳᠬᠦ ᠬᠡᠷᠡᠭᠲᠡᠶ ᠭᠡᠵᠡᠢ᠃ | ᠪᠦᠦ ᠰᠢᠶᠠᠨ ᠬᠤᠸᠠ ᠠᠵᠢᠯᠯᠠᠭ᠎ᠠ ᠳᠤ ᠣᠷᠣᠯᠴᠠᠪᠠ᠃ |