2 ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠰᠦᠨ ᠱᠤᠤ ᠴᠧᠩ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠲᠠ ᠬᠢᠪᠡ᠃ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠳ ᠠᠶᠢᠮᠠᠭ ᠬᠤᠲᠠ ᠲᠠᠢ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠪᠠ᠂ ᠪᠠᠶᠠᠨᠨᠠᠭᠤᠷ | ᠬᠤᠲᠠ ᠪᠣᠯ ᠰᠦᠨ ᠱᠤᠤ ᠴᠧᠩ ᠤᠨ ᠬᠠᠷᠢᠯᠴᠠᠵᠤ ᠪᠠᠶᠢᠭ᠎ᠠ ᠠᠶᠢᠮᠠᠭ ᠬᠤᠲᠠ ᠪᠣᠯᠣᠨ᠎ᠠ᠃ ᠲᠡᠷᠡ ᠡᠩ ᠲᠡᠷᠢᠭᠦᠨ ᠳᠤ | ᠯᠢᠨᠾᠧ ᠲᠣᠭᠤᠷᠢᠭ ᠲᠠᠬᠢ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠲᠦ ᠰᠢᠨ᠎ᠠ ᠮᠡᠷᠭᠡᠵᠢᠯ ᠤᠨ ᠠᠵᠦ | ᠦᠢᠯᠡᠰ ᠤᠨ ᠵᠢᠱᠢᠶ᠎ᠡ ᠦᠵᠡᠭᠦᠯᠬᠦ ᠲᠤᠭᠤᠷᠢᠭ ᠲᠤ ᠬᠦᠷᠴᠦ᠂ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠬᠤᠵᠢᠷᠰᠢᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠬᠢᠷᠢ ᠵᠡᠷᠭᠡ ᠥᠷᠨᠢᠭᠦᠯᠵᠦ ᠪᠠᠶᠢᠬᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠬᠢᠷᠢ ᠵᠡᠷᠭᠡ ᠳᠡᠯᠭᠡᠷᠡᠭᠦᠯᠦᠨ ᠬᠡᠷᠡᠭᠯᠡᠵᠦ ᠪᠠᠶᠢᠬᠤ᠂ ᠲᠠᠷᠠᠭᠠᠴᠢ ᠶᠢᠨ ᠠᠯᠬᠤᠮ ᠳᠤ | ᠶᠠᠭᠠᠬᠢᠵᠤ ᠬᠢᠬᠦ ᠪᠠᠷ ᠪᠠᠶᠢᠬᠤ ᠵᠡᠷᠭᠡ ᠶᠢ ᠨᠠᠷᠢᠨ ᠣᠶᠢᠯᠠᠭᠠᠵᠤ᠂ ᠮᠠᠰᠢ ᠨᠠᠷᠢᠯᠢᠭ ᠠᠰᠠᠭᠤᠵᠤ᠂ ᠣᠯᠠᠨ ᠢ ᠶᠠᠰᠤ ᠴᠢᠨᠠᠷ | ᠪᠠ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠣᠭᠤᠷᠢᠨ ᠳᠤ ᠬᠦᠴᠦ ᠣᠷᠣᠭᠤᠯᠵᠤ᠂ ᠣᠯᠠᠨ ᠦᠷ᠎ᠡ ᠪᠦᠲᠦᠭᠡᠯ | ᠭᠠᠷᠭᠠᠭᠠᠷᠠᠢ ᠭᠡᠵᠦ ᠵᠣᠷᠢᠭᠵᠢᠭᠤᠯᠪᠠ᠃ 2023 ᠣᠨ ᠳᠤ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ | ᠰᠢᠨᠵᠢᠯᠡᠨ ᠪᠠᠶᠢᠴᠠᠭᠠᠬᠤ ᠳᠠᠭᠠᠨ ᠲᠤᠰᠬᠠᠶᠢᠯᠠᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ | ᠲᠠᠯᠠᠪᠠᠶ ᠳᠤ ᠬᠦᠷᠴᠡᠢ᠃ ᠤᠢ ᠰᠢᠭᠤᠢ ᠶᠢᠨ ᠲᠠᠯᠠᠪᠠᠢ ᠳᠤ ᠶᠠᠮᠠᠷ ᠰᠢᠨ᠎ᠡ ᠬᠤᠪᠢᠷᠠᠯᠲᠠ ᠲᠠᠢ ᠪᠠᠶᠢᠬᠤ ᠶᠢ ᠰᠦᠨ ᠱᠤᠤ | ᠴᠧᠩ ᠮᠠᠰᠢ ᠠᠩᠬᠠᠷᠴᠤ ᠪᠠᠶᠢᠯ᠎ᠠ᠃ ᠲᠡᠷᠡ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠮᠢᠨ ᠯᠤ᠋ ᠬᠤᠪᠢᠶᠠᠷᠢ | ᠲᠠᠯᠠᠪᠠᠢ ᠶᠢᠨ ᠲᠦᠷᠦᠯ ᠵᠦᠢᠯ ᠤᠨ ᠲᠣᠭᠤᠷᠢᠭ ᠲᠤ ᠬᠦᠷᠴᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ | ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠺᠠᠳ᠋ᠷᠴᠤᠳ ᠲᠤ ᠰᠡᠭᠦᠯᠴᠢ ᠶᠢᠨ ᠬᠤᠭᠤᠴᠠᠭᠠᠨ ᠤ | ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠶᠢᠨ ᠬᠠᠮᠲᠤ ᠭᠡᠷ ᠤᠨ ᠠᠮᠢᠳᠤᠷᠠᠯ ᠢᠶᠠᠨ ᠡᠵᠡᠩᠨᠡᠬᠦ ᠰᠢᠭ ᠨᠠᠷᠢᠨ ᠨᠢᠭᠳᠠ | ᠪᠤᠳᠤᠵᠤ᠂ ᠡᠯᠡᠰᠦ ᠶᠢ ᠵᠠᠰᠠᠬᠤ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ | ᠭᠡᠵᠦ ᠵᠠᠬᠢᠪᠠ᠃ ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤᠨ ᠤ ᠵᠠᠩᠹᠠᠩ ᠲᠣᠰᠬᠤᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠲᠤ᠂ ᠰᠦᠨ ᠱᠤᠤ ᠴᠧᠩ ᠲᠠᠷᠢᠶᠠᠨ ᠭᠠᠵᠠᠷ ᠲᠤ ᠬᠦᠷᠴᠦ᠂ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠭᠡ ᠪᠠᠶᠢᠳᠠᠯ ᠢ | ᠰᠢᠨᠵᠢᠯᠡᠨ ᠪᠠᠶᠢᠴᠠᠭᠠᠪᠠ᠃ ᠲᠡᠷᠡ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠴᠢᠩᠳᠠᠯᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠰᠠᠶᠢᠨ ᠶᠠᠪᠤᠳᠠᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ | ᠭᠡᠪᠡ᠃ ᠳᠠᠷᠠᠭ᠎ᠠ ᠨᠢ᠂ ᠰᠦᠨ ᠱᠤᠤ ᠴᠧᠩ ᠡᠯ ᠳ᠋ᠣᠣ ᠴᠢᠶᠣᠤ ᠪᠠᠯᠭᠠᠰᠤᠨ ᠤ ᠲᠠᠢ ᠶᠠᠩ ᠱᠧᠩ ᠲᠣᠰᠬᠤᠨ ᠤ | ᠠᠷᠠᠳ ᠤᠨ ᠵᠥᠪᠯᠡᠯ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠤᠨ ᠪᠠᠶᠢᠳᠠᠯ ᠢ | ᠣᠶᠢᠯᠠᠭᠠᠬᠤ ᠶᠢᠨ ᠬᠠᠮᠲᠤ ᠲᠠᠰᠢᠷᠠᠮ ᠢᠶᠠᠷ ᠲᠠᠷᠢᠶᠠᠴᠢᠨ ᠡᠷᠦᠬᠡ ᠪᠠᠷ ᠬᠦᠷᠴᠦ᠂ ᠲᠡᠳᠡᠨ ᠲᠠᠢ ᠵᠣᠭᠤᠭ ᠳᠡᠯᠭᠡᠵᠦ᠂ | ᠣᠷᠣᠯᠭ᠎ᠠ ᠶᠢ ᠨᠢ ᠪᠤᠳᠤᠵᠤ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢ ᠣᠶᠢᠯᠠᠭᠠᠪᠠ᠃ | ᠪᠠᠶᠠᠨᠨᠠᠭᠤᠷ ᠬᠤᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ | ᠰᠦᠨ ᠱᠤᠤ ᠴᠧᠩ᠂ ᠡᠨᠡ ᠵᠢᠯ ᠤᠨ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠬᠦᠷᠴᠦ | ᠰᠢᠨᠵᠢᠯᠡᠨ ᠪᠠᠶᠢᠴᠠᠭᠠᠭᠰᠠᠨ ᠪᠦᠬᠦᠯᠢ ᠬᠤᠶᠠᠷ ᠵᠢᠯ ᠪᠤᠯᠬᠤ ᠪᠤᠯᠤᠨ᠎ᠠ᠂ ᠪᠢᠳᠡ ᠬᠤᠶᠠᠷ ᠵᠢᠯ ᠤᠨ ᠲᠤᠷᠰᠢᠬᠢ | ᠠᠵᠢᠯ ᠢᠶᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠡᠷᠡᠰ ᠭᠤᠶᠢᠪᠢᠰᠢ ᠦᠭᠡᠢ᠂ ᠪᠦᠬᠦ ᠲᠠᠯ᠎ᠠ ᠪᠠᠷ ᠣᠨᠣᠪᠴᠢᠲᠠᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ | ᠨᠡᠩ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠨᠡᠩ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠢᠶᠠᠨ ᠶᠡᠷᠦᠩᠬᠡᠢ | ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢᠯᠠᠯ ᠠᠴᠢ ᠡᠨᠡᠷᠢᠯ ᠢ ᠬᠠᠷᠢᠭᠤᠯᠬᠤ ᠬᠡᠷᠡᠭᠲᠡᠢ᠃ ᠠᠵᠢᠯ ᠤᠨ ᠳᠤᠮᠳᠠ | ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠦᠷ᠎ᠡ ᠠᠰᠢᠭ ᠢ | ᠳᠡᠭᠡᠭᠰᠢᠯᠡᠭᠦᠯᠬᠦ᠂ ᠪᠣᠳᠠᠲᠤ ᠠᠰᠢᠭ ᠢ ᠨᠡᠮᠡᠭᠳᠡᠭᠦᠯᠬᠦ ᠳᠤ ᠬᠡᠷᠬᠢᠨ ᠠᠰᠢᠭᠲᠠᠢ ᠪᠠᠶᠢᠪᠠᠯ ᠳᠠᠷᠤᠢ ᠲᠡᠭᠡᠵᠦ ᠬᠢᠬᠦ ᠬᠡᠷᠡᠭᠲᠡᠢ᠃ | ᠨᠠᠷᠢᠯᠢᠭ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠣᠷᠣᠭᠤᠯᠤᠯᠲᠠ ᠪᠠ ᠦᠷ᠎ᠡ ᠪᠦᠲᠦᠮᠵᠢ ᠭᠠᠷᠭᠠᠭᠰᠠᠨ | ᠲᠠᠩᠰᠠ ᠶᠢ ᠰᠠᠶᠢᠲᠤᠷ ᠪᠤᠳᠤᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ | ᠬᠥᠭᠵᠢᠯᠲᠡ᠂ ᠨᠡᠶᠢᠭᠡᠮ ᠤᠨ ᠵᠠᠰᠠᠯᠲᠠ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠬᠦ ᠶᠢ | ᠨᠡᠩ ᠴᠢᠬᠤᠯᠠᠴᠢᠯᠠᠬᠤ ᠬᠡᠷᠡᠭᠲᠡᠢ᠃ ᠰᠡᠳᠭᠢᠯ ᠨᠢᠭᠡᠳᠤᠨ ᠬᠦᠴᠦ ᠪᠠᠨ ᠬᠠᠮᠲᠤᠳᠬᠠᠵᠤ᠂ ᠳᠠᠪᠠᠭᠤᠯᠢᠭ ᠡᠬᠢ ᠪᠠᠶᠠᠯᠢᠭ | ᠪᠣᠯᠣᠨ ᠬᠦᠴᠦᠨ ᠢᠶᠠᠨ ᠲᠥᠪᠯᠡᠷᠡᠭᠦᠯᠦᠨ ᠰᠣᠳᠣᠨ ᠪᠦᠲᠦᠭᠡᠯ ᠢ ᠡᠭᠦᠳᠴᠦ᠂ ᠣᠷᠣᠨ ᠪᠦᠰᠡ ᠶᠢᠨ ᠲᠦᠷᠦᠯ | ᠲᠡᠮᠳᠡᠭ ᠢ ᠨᠡᠩ ᠠᠯᠳᠠᠷᠰᠢᠭᠤᠯᠬᠤ ᠪᠠᠷ ᠴᠢᠷᠮᠠᠶᠢᠬᠤ ᠮᠥᠷᠲᠡᠭᠡᠨ ᠪᠠᠰᠠ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠳᠠᠪᠠᠭᠤᠯᠢᠭ ᠪᠦᠲᠦᠭᠡᠭᠳᠡᠬᠦᠨ ᠤ ᠬᠡᠪᠴᠢᠶ᠎ᠡ ᠶᠢ ᠥᠷᠭᠡᠳᠬᠡᠵᠦ᠂ ᠳᠠᠪᠠᠭᠤᠯᠢᠭ ᠪᠦᠲᠦᠭᠡᠭᠳᠡᠬᠦᠨ ᠤ ᠨᠥᠯᠥᠭᠡᠯᠡᠬᠦ | ᠬᠦᠴᠦᠨ ᠪᠣᠯᠣᠨ ᠵᠠᠬ᠎ᠠ ᠳᠡᠯᠭᠡᠭᠦᠷ ᠲᠤ ᠡᠵᠡᠯᠡᠬᠦ ᠬᠤᠪᠢ ᠶᠢᠨ ᠵᠢᠩ ᠢ ᠳᠡᠭᠡᠭᠰᠢᠯᠡᠭᠦᠯᠬᠦ ᠬᠡᠷᠡᠭᠲᠡᠢ᠃ ᠠᠵᠤ | ᠠᠬᠤᠢ ᠶᠢᠨ ᠦᠷ᠎ᠡ ᠠᠰᠢᠭ ᠢᠶᠠᠷ ᠤᠳᠤᠷᠢᠳᠤᠮᠵᠢ ᠪᠣᠯᠭᠠᠵᠤ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠶᠡᠭᠡ ᠪᠠᠷ | ᠬᠥᠭᠵᠢᠭᠦᠯᠵᠦ᠂ ᠪᠡᠯᠴᠢᠭᠡᠷ ᠤᠨ ᠳᠠᠭᠠᠭᠠᠴᠠ ᠠᠴᠠ ᠬᠡᠳᠦᠷᠡᠲᠡᠯ᠎ᠡ ᠮᠠᠯᠵᠢᠬᠤ ᠠᠰᠠᠭᠤᠳᠠᠯ ᠢ ᠦᠷᠭᠦᠯᠵᠢᠯᠡᠨ ᠬᠦᠴᠦᠯᠡᠨ | ᠴᠡᠭᠴᠡᠯᠡᠨ ᠵᠠᠰᠠᠬᠤ ᠬᠡᠷᠡᠭᠲᠡᠢ᠃ ︽ᠳᠠᠷᠤᠭᠠᠰᠤ ᠬᠠᠮᠢᠭ᠎ᠠ ᠠᠴᠠ ᠢᠷᠡᠭᠰᠡᠨ ᠪᠤᠢ︾ ᠭᠡᠳᠡᠭ ᠢ ᠨᠠᠷᠢᠨ ᠬᠢᠨᠠᠮᠠᠭᠠᠢ | ᠰᠤᠳᠤᠯᠵᠤ᠂ ᠶᠠᠷᠰᠢᠭ ᠲᠦᠪᠡᠭ ᠢ ᠳᠥᠭᠦᠮ ᠲᠦᠳᠡ ᠪᠤᠯᠭᠠᠬᠤ ᠶᠢ ᠰᠤᠷᠴᠤ᠂ ᠦᠨᠳᠦᠰᠦᠨ ᠱᠠᠲᠤᠨ ᠤ | ᠳᠠᠷᠤᠭᠠᠰᠤ ᠶᠢ ᠦᠨᠳᠦᠰᠦᠨ ᠠᠴᠠ ᠨᠢ ᠬᠥᠩᠭᠡᠷᠡᠭᠦᠯᠬᠦ ᠬᠡᠷᠡᠭᠲᠡᠢ᠃ ᠪᠠᠶᠠᠨᠨᠠᠭᠤᠷ ᠬᠤᠳᠠ ᠶᠢᠨ ᠣᠷᠣᠨ ᠪᠠᠶᠢᠷᠢ | ᠣᠨᠴᠠᠭᠠᠢ ᠪᠣᠯᠬᠤᠷ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠠᠵᠤ ᠦᠢᠯᠡᠰ ᠤᠨ | ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠤ ᠬᠥᠭᠵᠢᠯᠲᠡ ᠶᠢ ᠰᠠᠶᠢᠲᠤᠷ ᠤᠬᠠᠭᠠᠯᠠᠨ ᠲᠦᠯᠦᠪᠯᠡᠬᠦ ᠬᠡᠷᠡᠭᠲᠡᠢ ᠭᠡᠵᠦ ᠬᠡᠯᠡᠪᠡ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠰᠦᠨ ᠱᠤᠤ ᠴᠧᠩ ᠪᠠᠰᠠ ᠥᠪᠥᠷ ᠮᠣᠩᠭᠤᠯ ᠤᠨ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠤᠨ | ᠮᠦᠽᠧᠢ ᠳᠤ ᠬᠦᠷᠴᠦ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ᠂ ᠪᠣᠷᠣᠳᠣᠬᠤᠢ ᠶᠢᠨ | ᠤᠰᠤᠯᠠᠯᠲᠠ ᠶᠢᠨ ᠣᠷᠣᠨ ᠤ ᠬᠥᠭᠵᠢᠯᠲᠡ ᠵᠡᠷᠭᠡ ᠪᠠᠶᠢᠳᠠᠯ ᠢ ᠣᠶᠢᠯᠠᠭᠠᠪᠠ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ |