2 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ | ᠶᠠᠷᠢᠶ᠎ᠠ ᠪᠣᠯᠣᠨ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ | ᠡᠬᠢᠯᠡᠯᠲᠡ ᠶᠢᠨ ᠶᠣᠰᠣᠯᠠᠯ ᠤᠨ ᠤᠭᠲᠤᠬᠤ ᠳᠠᠶᠢᠯᠠᠯᠭ᠎ᠠ ᠳᠡᠭᠡᠷ᠎ᠡ ᠬᠡᠯᠡᠭᠰᠡᠨ ᠪᠠᠶᠠᠷ ᠤᠨ ᠦᠭᠡ ᠶᠢᠨ ᠵᠣᠷᠢᠭ | ᠰᠠᠨᠠᠭ᠎ᠠ ᠶᠢ ᠤᠯᠠᠮᠵᠢᠯᠠᠨ ᠳᠣᠣᠱᠯᠠᠭᠤᠯᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ | ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ | ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ | ᠡᠭᠦᠷᠭᠡᠯᠡᠵᠦ᠂ ︽ᠲᠠᠪᠤᠨ ᠶᠡᠭᠡ ᠡᠭᠦᠷᠭᠡ︾ ᠶᠢᠨ ᠣᠨ ᠤ ᠨᠠᠷᠢᠨ ᠲᠠᠩᠰᠠ ᠶᠢᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠦᠢᠯᠡᠰ ᠤᠨ | ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠡᠢ᠃ ᠮᠥᠰᠥ | ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠪᠠ ᠮᠥᠰᠥ ᠴᠠᠰᠤᠨ ᠤ ᠠᠵᠤ ᠠᠬᠤᠢ ᠶᠢ ᠪᠣᠳᠠᠲᠠᠢ ᠠᠳᠬᠤᠵᠤ᠂ | ᠪᠡᠶ᠎ᠡ ᠶᠢᠨ ᠲᠠᠮᠢᠷ ᠵᠢᠭᠤᠯᠴᠢᠯᠠᠯ ᠰᠣᠶᠣᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠳᠡᠢ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ 2025 ᠣᠨ ᠤ ᠥᠭᠡᠷᠡᠴᠢᠯᠡᠯᠲᠡ ᠶᠢᠨ ᠠᠵᠢᠯ ᠤᠨ ᠭᠤᠣᠯᠳᠠᠯᠭ᠎ᠠ ᠶᠢ | ᠴᠢᠩᠭ᠎ᠠ ᠠᠩᠬᠠᠷᠴᠤ ᠨᠠᠶᠢᠳᠠᠪᠤᠷᠢᠵᠢᠭᠤᠯᠵᠤ᠂ 88 ᠵᠦᠢᠯ ᠤᠨ ᠣᠨ ᠤ ᠥᠭᠡᠷᠡᠴᠢᠯᠡᠯᠲᠡ ᠶᠢᠨ ᠡᠭᠦᠷᠭᠡ ᠶᠢ | ᠲᠦᠷᠭᠡᠳᠬᠡᠨ ᠠᠬᠢᠭᠤᠯᠬᠤ ᠭᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠰᠢᠨ᠎ᠡ ᠴᠠᠭ | ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠦᠨ ᠮᠠᠨᠳᠤᠭᠤᠯᠬᠤ ᠠᠷᠠᠳ ᠢ ᠪᠠᠶᠠᠵᠢᠭᠤᠯᠬᠤ ᠵᠡᠷᠭᠡ ᠠᠵᠢᠯ ᠢ ᠪᠥᠬᠦ | ᠲᠠᠯ᠎ᠠ ᠪᠠᠷ ᠰᠠᠶᠢᠲᠤᠷ ᠬᠢᠬᠦ ᠬᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ | ᠶᠡᠷᠦᠩᠬᠡᠢ ᠲᠥᠰᠥᠯ ᠢ ᠰᠤᠳᠤᠯᠵᠤ᠂ ᠲᠤᠰᠬᠠᠢ ᠲᠥᠰᠥᠯ ᠢ ᠢᠵᠢ ᠪᠦᠷᠢᠳᠦᠭᠦᠯᠦᠨ ᠲᠣᠭᠲᠠᠭᠠᠵᠤ᠂ ᠤᠬᠠᠭᠤᠯᠭ᠎ᠠ | ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠲᠡᠶᠢᠯᠠᠯᠳᠤᠭᠠᠨ ᠤ ᠤᠳᠤᠷᠢᠳᠤᠮᠵᠢ ᠶᠢ ᠲᠣᠪᠤᠶᠢᠯᠭᠠᠨ | ᠰᠣᠷᠢᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠦᠶ᠎ᠡ ᠳᠤ ᠬᠡᠷᠡᠭᠯᠡᠵᠦ ᠪᠣᠯᠬᠤ᠂ ᠦᠢᠯᠡᠳᠦᠯ ᠦᠵᠡᠭᠦᠯᠬᠦ ᠶᠢ ᠦᠨᠡᠨ | ᠬᠦ ᠪᠠᠲᠤᠯᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ᠂ ᠠᠶᠤᠯᠭᠦᠢ | ᠦᠢᠯᠡᠳᠪᠦᠷᠢᠯᠡᠯ᠂ ᠰᠤᠷᠭᠠᠭᠤᠯᠢ ᠶᠢᠨ ᠬᠦᠷᠢᠶ᠎ᠡ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠠᠮᠤᠷ ᠲᠦᠪᠰᠢᠨ ᠤ | ᠠᠵᠢᠯ ᠢ ᠰᠠᠶᠢᠲᠤᠷ ᠠᠳᠬᠤᠵᠤ᠂ ᠬᠦᠨᠳᠦ ᠶᠡᠭᠡ ᠠᠳᠡᠯ ᠪᠠ ᠭᠡᠨᠡᠳᠲᠡ ᠶᠢᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠡᠩᠨᠡᠭᠡ ᠶᠢᠨ ᠭᠠᠯ ᠤᠨᠲᠠᠷᠠᠭᠠᠭᠴᠢ ᠶᠢ ᠠᠵᠢᠯ ᠤᠨ ᠪᠠᠶᠢᠷᠢ ᠰᠤᠯᠢᠵᠦ ᠲᠥᠪᠬᠢᠨᠡᠭᠦᠯᠬᠦ ᠳᠦᠷᠦ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠨ᠂ ᠠᠵᠢᠯ ᠣᠯᠭᠤᠵᠤ ᠲᠥᠪᠬᠢᠨᠡᠭᠦᠯᠬᠦ | ᠪᠠᠲᠤᠯᠠᠭ᠎ᠠ ᠶᠢ ᠰᠠᠶᠢᠲᠤᠷ ᠬᠢᠵᠦ᠂ ᠥᠷᠭᠡᠨ ᠤᠯᠠᠨ ᠭᠠᠯ ᠤᠨᠲᠠᠷᠠᠭᠠᠭᠴᠢ ᠶᠢᠨ ᠬᠤᠶᠢᠰᠢᠳᠠ ᠶᠢᠨ ᠵᠣᠪᠠᠨᠢᠯ ᠢ | ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠦᠢᠮᠣ ᠲᠥᠰᠥᠪ ᠤᠨ | ᠬᠠᠮᠢᠶᠠᠷᠤᠯᠲᠠ ᠶᠢ ᠴᠢᠩᠭᠠᠳᠬᠠᠵᠤ᠂ ︽ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠠᠷ ᠦᠷᠢ ᠦᠭᠴᠡᠭᠡ ᠶᠢ | ᠠᠷᠢᠯᠭᠠᠬᠤ ᠪᠠ ᠵᠠᠬ᠎ᠠ ᠲᠡᠯᠭᠡᠭᠦᠷᠴᠢᠯᠡᠨ ᠦᠷᠢ ᠦᠭᠴᠡᠭᠡ ᠶᠢ ᠠᠷᠢᠯᠭᠠᠬᠤ︾ ᠥᠷᠢ ᠦᠭᠴᠡᠭᠡ ᠶᠢ ᠠᠷᠢᠯᠭᠠᠬᠤ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠭᠠᠯ ᠠᠴᠠ ᠵᠥᠷᠢᠴᠡᠨ ᠲᠦᠢᠮᠣ ᠲᠥᠰᠥᠪ ᠠᠴᠠ ᠳᠠᠪᠠᠭᠤᠯᠤᠨ | ᠪᠦᠲᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠵᠤ᠂ ᠳᠠᠯᠳᠠ ᠥᠷᠢ ᠦᠭᠴᠡᠭᠡ ᠶᠢ ᠰᠢᠨ᠎ᠡ ᠪᠠᠷ ᠥᠯᠥ | ᠨᠡᠮᠡᠭᠳᠡᠭᠦᠯᠬᠦ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠥᠬᠦ ᠵᠢᠯ ᠤᠨ ᠥᠷᠢ ᠦᠭᠴᠡᠭᠡ ᠶᠢ ᠠᠷᠢᠯᠭᠠᠬᠤ | ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭᠠᠨ ᠠᠵᠢᠯᠯᠠᠭ᠎ᠠ︾ | ᠶᠢ ᠰᠠᠶᠢᠲᠤᠷ ᠥᠷᠨᠢᠭᠦᠯᠵᠦ᠂ ᠡᠷᠴᠢ ᠵᠣᠷᠢᠭ ᠢᠶᠠᠨ ᠬᠦᠪᠴᠢᠯᠡᠨ ᠪᠡᠯᠡ ᠣᠷᠣᠭᠤᠯᠤᠯᠲᠠ ᠶᠢ ᠠᠳᠬᠤᠵᠤ᠂ ᠲᠦᠷᠦᠯ | ᠵᠦᠢᠯ ᠢ ᠡᠬᠢᠯᠡᠭᠦᠯᠵᠦ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠬᠦ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ᠂ ᠠᠶᠢᠽ ᠡᠪᠡᠳᠴᠢᠨ ᠢ ᠬᠤᠷᠢᠭᠯᠠᠬᠤ ᠪᠠ ᠰᠡᠷᠭᠡᠶᠢᠯᠡᠨ ᠵᠠᠰᠠᠬᠤ ᠲᠥᠯᠦᠪᠵᠢᠭᠦᠯᠭᠡ ᠵᠡᠷᠭᠡ ᠠᠵᠢᠯ ᠢ | ᠰᠤᠳᠤᠯᠵᠠᠢ᠃ |