2 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠪᠣᠯᠤᠨ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠬᠥᠬᠡᠬᠤᠲᠠ ᠳᠤ ︽ᠥᠪᠥᠷ ᠮᠣᠩᠭᠤᠯ ᠤᠨ ᠪᠦᠬᠦ ᠤᠯᠤᠰ ᠤᠨ ᠴᠢᠨᠠᠷ ᠰᠠᠶᠢᠲᠠᠢ | ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠤᠳᠤᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠰᠤᠳᠤᠯᠭᠠᠨ︾ ᠤ | ᠰᠡᠳᠦᠪ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠬᠦᠷᠢᠶᠡᠯᠡᠩ ᠤᠨ ᠳᠠᠷᠤᠭ᠎ᠠ ᠯᠢ ᠰᠢᠶᠤᠤ ᠬᠤᠩ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠰᠡᠳᠦᠪ ᠤᠨ | ᠲᠥᠷᠥᠯ ᠵᠦᠢᠯ ᠢ ᠭᠦᠢᠴᠡᠳᠭᠡᠬᠦ ᠳᠤᠭᠤᠶᠢᠯᠠᠩ ᠤᠨ ᠳᠠᠷᠤᠭ᠎ᠠ ᠯᠦ ᠴᠦᠨ ᠹᠠᠩ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠦ᠋ ᠴᠢᠶᠠᠩ᠂ ᠱᠤᠤ ᠠᠨ ᠯᠢᠨ᠂ ᠯᠤ᠋ ᠵᠢᠶᠦ᠋ᠨ᠂ ᠳ᠋ᠦ᠋ ᠶᠠᠨ | ᠯᠢᠶᠠᠩ ᠲᠣᠰ ᠲᠣᠰ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠢ ᠲᠠᠨᠢᠯᠴᠠᠭᠤᠯᠵᠤ᠂ ᠥᠪᠥᠷ ᠮᠣᠩᠭᠤᠯ ᠤᠨ | ᠲᠣᠰ ᠪᠡᠶ᠎ᠡ ᠶᠢᠨ ᠳᠠᠪᠠᠭᠤᠯᠢᠭ ᠢᠶᠠᠨ ᠬᠡᠷᠬᠢᠨ ᠨᠠᠩ ᠰᠠᠶᠢᠲᠤᠷ ᠪᠠᠳᠠᠷᠠᠭᠤᠯᠵᠤ ᠤᠯᠤᠰ ᠤᠨ ᠴᠢᠨᠠᠷ ᠰᠠᠶᠢᠲᠠᠶ | ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ | ᠯᠢ ᠰᠢᠶᠤᠤ ᠬᠤᠩ ᠶᠠᠷᠢᠶᠠᠨ ᠳᠠᠭᠠᠨ᠂ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠪᠣᠯᠤᠨ ᠥᠪᠥᠷ ᠮᠣᠩᠭᠤᠯ ᠤᠨ ᠬᠠᠮᠲᠤᠷᠠᠯᠴᠠᠭ᠎ᠠ ᠮᠠᠰᠢ ᠰᠠᠶᠢᠨ ᠪᠠᠶᠢᠵᠤ᠂ ᠴᠢᠬᠤᠯᠠ ᠶᠡᠭᠡ ᠵᠥᠪᠯᠡᠯᠭᠡ | ᠥᠭᠬᠦ ᠵᠦᠪᠯᠡᠨ ᠲᠤᠭᠲᠠᠭᠠᠬᠤ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠤᠨ ᠨᠡᠭᠡᠭᠡᠯᠲᠡ ᠵᠡᠷᠭᠡ ᠤᠯᠠᠨ ᠬᠦᠷᠢᠶᠡᠨ ᠳᠤ ᠭᠦᠨᠵᠡᠭᠡᠢ ᠬᠠᠮᠲᠤᠷᠠᠯᠴᠠᠪᠠ᠃ ᠨᠢᠳᠤᠨᠤᠨ᠂ ᠥᠪᠥᠷ | ᠮᠣᠩᠭᠤᠯ ᠤᠨ ᠬᠢᠨ ᠢᠨᠵᠧᠨᠧᠷᠢᠩ ᠤᠨ ᠬᠦᠷᠢᠶᠡᠯᠡᠩ ᠳᠤ ᠨᠠᠶᠢᠳᠠᠵᠤ ︽ᠥᠪᠥᠷ ᠮᠣᠩᠭᠤᠯ ᠤᠨ ᠪᠥᠬᠦ ᠤᠯᠤᠰ ᠤᠨ | ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ ᠲᠠᠢ ᠡᠭᠦᠷᠭᠡ︾ ᠶᠢᠨ | ᠰᠤᠳᠤᠯᠭᠠᠨ ᠢ ᠥᠷᠨᠢᠭᠦᠯᠪᠡ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠦ᠂ ᠤᠯᠤᠰ ᠤᠨ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠡᠨᠧᠷᠭᠢ ᠬᠢᠮᠢ ᠶᠢᠨ ᠠᠵᠤ ᠦᠢᠯᠡᠳᠪᠦᠷᠢ᠂ | ᠠᠭᠤᠷᠬᠠᠶ ᠶᠢᠨ ᠭᠠᠷᠤᠯᠲᠠ ᠡᠬᠢ ᠪᠠᠶᠠᠯᠢᠭ᠂ ᠳ᠋ᠠᠶᠢᠲ᠋ᠠ ᠪᠤᠳᠤᠯᠲᠠ ᠶᠢᠨ ᠬᠦᠴᠦᠨ᠂ ᠰᠠᠭᠤᠷᠢ ᠲᠥᠬᠦᠭᠡᠷᠦᠮᠵᠢ ᠵᠡᠷᠭᠡ | ᠭᠤᠤᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠰᠢᠰᠲ᠋ᠧᠮ ᠲᠠᠢ | ᠰᠤᠳᠤᠯᠵᠤ᠂ ᠱᠠᠲᠤᠴᠢ ᠴᠢᠨᠠᠷᠲᠠᠶ ᠦᠷ᠎ᠡ ᠪᠦᠲᠦᠭᠡᠯ ᠤᠯᠪᠠ᠃ ᠲᠠᠷᠠᠭᠠᠴᠢ ᠶᠢᠨ ᠠᠯᠬᠤᠮ ᠳᠤ᠂ ᠳᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠦᠪᠦᠷ ᠮᠣᠩᠭᠤᠯ ᠲᠠᠢ ᠦᠷᠭᠦᠯᠵᠢᠯᠡᠨ ᠭᠠᠷ ᠬᠤᠯᠪᠣᠯᠴᠠᠨ᠂ ᠣᠲᠣ ᠶᠢᠨ | ᠰᠤᠳᠤᠯᠭᠠᠨ ᠤ ᠠᠭᠤᠯᠭ᠎ᠠ ᠳᠤ ᠴᠢᠭᠯᠡᠭᠦᠯᠦᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠡᠭᠦᠯᠳᠡᠷᠵᠢᠭᠦᠯᠦᠨ | ᠳᠡᠭᠡᠭᠰᠢᠯᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠪᠠᠲᠤ ᠪᠠᠬᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠨ᠎ᠠ ᠭᠡᠵᠡᠢ᠃ | ᠰᠦᠨ ᠱᠤᠤ ᠴᠧᠩ ᠶᠠᠷᠢᠶᠠᠨ ᠳᠠᠭᠠᠨ᠂ ᠡᠩ ᠲᠡᠷᠢᠭᠦᠨ ᠳᠤ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠥᠪᠥᠷ ᠮᠣᠩᠭᠤᠯ ᠳᠤ ᠦᠵᠡᠭᠦᠯᠦᠭᠰᠡᠨ ᠤᠷᠳᠤ ᠬᠤᠭᠤᠴᠠᠭᠠᠨ ᠤ ᠲᠤᠷᠰᠢᠬᠢ ᠬᠠᠯᠠᠮᠵᠢᠯᠠᠯ | ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠳᠣᠣᠱᠯᠠᠭᠤᠯᠣᠨ ᠨᠠᠶᠢᠳᠠᠪᠤᠷᠢᠵᠢᠭᠤᠯᠤᠭᠰᠠᠨ ᠵᠢᠴᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠵᠡᠷᠭᠡ ᠬᠤᠯᠪᠣᠭᠳᠠᠯ ᠪᠦᠬᠦᠢ | ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠡᠷᠲᠡᠭᠡᠨ ᠵᠠᠰᠠᠬᠤ ᠣᠷᠣᠨ ᠪᠣᠯᠤᠨ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠬᠠᠮᠲᠤᠷᠠᠨ ᠰᠡᠳᠦᠪ ᠤᠨ ᠰᠤᠳᠤᠯᠭᠠᠨ ᠥᠷᠨᠢᠭᠦᠯᠦᠭᠰᠡᠨ ᠨᠢ ᠪᠢᠳᠡᠨ ᠤ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ᠂ | ᠤᠯᠤᠰ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠬᠦ ᠥᠪᠥᠷ ᠮᠣᠩᠭᠤᠯ ᠤᠨ ᠲᠤᠯᠭᠠᠭᠤᠷᠢᠯᠠᠬᠤ ᠦᠢᠯᠡᠳᠦᠯ ᠢ | ᠨᠠᠩ ᠰᠠᠶᠢᠲᠤᠷ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠨᠡ ᠤᠳᠠᠭ᠎ᠠ ᠶᠢᠨ ᠰᠡᠳᠦᠪ ᠤᠨ | ᠰᠤᠳᠤᠯᠭᠠᠨ ᠤ ᠦᠷ᠎ᠡ ᠪᠦᠲᠦᠭᠡᠯ ᠨᠢ ᠥᠪᠥᠷ ᠮᠣᠩᠭᠤᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠪᠠᠷᠠᠯᠠᠯᠳᠤ ᠴᠢᠨᠠᠷᠲᠠᠢ᠂ ᠰᠢᠨᠵᠢᠯᠡᠬᠦ ᠤᠬᠠᠭᠠᠨᠴᠢ | ᠴᠢᠨᠠᠷᠲᠠᠢ᠂ ᠵᠢᠯᠣᠭᠤᠳᠬᠤ ᠴᠢᠨᠠᠷᠲᠠᠢ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ | ᠬᠡᠷᠡᠭᠴᠡᠭᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠥᠬᠦᠶ ᠲᠠᠯ᠎ᠠ ᠶᠢᠨ ᠬᠢᠨ ᠰᠤᠳᠤᠯᠭᠠᠨ ᠤ ᠰᠡᠳᠦᠪ ᠲᠤ ᠳᠤᠷᠠᠳᠤᠭᠰᠠᠨ ᠭᠤᠤᠯᠳᠠᠯᠭ᠎ᠠ ᠲᠠᠢ ᠲᠥᠷᠥᠯ ᠵᠦᠢᠯ᠂ | ᠴᠢᠬᠤᠯᠠ ᠶᠡᠭᠡ ᠢᠨᠵᠧᠨᠧᠷᠢᠩ ᠲᠠᠢ ᠬᠠᠷᠢᠴᠠᠭᠤᠯᠵᠤ᠂ ᠲᠣᠰ ᠰᠠᠯᠠᠭ᠎ᠠ ᠮᠥᠴᠢᠷ ᠲᠣᠰ ᠬᠦᠷᠢᠶᠡᠨ ᠳᠤ ᠶᠠᠭᠤ ᠬᠢᠵᠦ | ᠳᠡᠶᠢᠯᠬᠦ ᠶᠢ ᠭᠦᠨᠵᠡᠭᠡᠶ ᠰᠤᠳᠤᠯᠵᠤ᠂ ︽ᠳᠠᠶᠢᠯᠠᠯᠳᠤᠭᠠᠨ︾ ᠢ ᠣᠷᠢᠳᠡᠪᠡᠷ ᠬᠢᠵᠦ ᠡᠬᠢᠯᠡᠨ᠂ ᠦᠷ᠎ᠡ ᠪᠦᠲᠦᠭᠡᠯ ᠤᠨ | ᠬᠡᠷᠡᠭᠯᠡᠯᠲᠡ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ︽ᠠᠷᠪᠠᠨ | ᠳᠠᠪᠤᠳᠤᠭᠠᠷ ᠳᠠᠪᠤᠨ ᠵᠢᠯ︾ ᠤᠨ ᠲᠥᠯᠥᠪᠵᠢᠭᠦᠯᠭᠡ ᠶᠢ ᠲᠣᠭᠲᠠᠭᠠᠬᠤ ᠲᠠᠢ ᠤᠶᠠᠯᠳᠤᠭᠤᠯᠤᠨ᠂ ᠰᠡᠳᠦᠪ ᠤᠨ ᠦᠷ᠎ᠡ | ᠪᠦᠲᠦᠭᠡᠯ ᠤᠨ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠ ᠢᠨᠵᠧᠨᠧᠷᠢᠩ ᠤᠨ | ᠲᠥᠷᠥᠯ ᠵᠦᠢᠯ ᠪᠣᠯᠭᠠᠨ ᠤᠨᠳᠤᠤᠰᠢᠭᠤᠯᠬᠤ ᠬᠡᠷᠡᠭᠲᠡᠶ ᠭᠡᠪᠡ᠃ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠳᠡᠳ᠋ ᠳᠠᠷᠤᠭ᠎ᠠ ᠳ᠋ᠧᠩ ᠰᠢᠤ ᠰᠢᠨ᠂ ᠳᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠰᠦᠨ ᠯᠢ ᠯᠢ᠂ ᠥᠪᠡᠷᠲᠡᠭᠡᠨ ᠵᠠᠰᠠᠬᠤ ᠣᠷᠣᠨ ᠤ | ᠤᠳᠤᠷᠢᠳᠤᠯᠭ᠎ᠠ ᠬᠤᠸᠠᠩ ᡁᠢ ᠴᠢᠶᠠᠩ᠂ ᠢᠦᠶ ᠯᠢ ᠰᠢᠨ᠂ ᠰᠦᠨ ᠵᠢᠶᠦ᠋ᠨ ᠴᠢᠩ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ᠂ ᠲᠤᠰᠬᠠᠶ ᠮᠡᠷᠭᠡᠵᠢᠯᠲᠡᠨ | ᠡᠷᠳᠡᠮᠲᠡᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠬᠤᠷᠠᠯ ᠳᠤ ᠣᠷᠣᠯᠴᠠᠵᠠᠶ᠃ |