ᠠᠯᠠᠱᠠ ᠠᠶᠢᠮᠠᠭ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/21
    2 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠪᠠᠶᠢᠴᠠᠭᠠᠨ ᠰᠣᠳᠣᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠰᠤᠳᠤᠯᠬᠤ ᠳᠤᠭᠤᠶᠢᠯᠠᠩ ᠪᠥᠬᠦ ᠠᠶᠢᠮᠠᠭ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠬᠡᠰᠡᠭ ᠬᠤᠰᠢᠭᠤ ᠣᠷᠣᠨ ᠪᠠ ᠰᠠᠯᠠᠭ᠎ᠠ ᠮᠥᠴᠢᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠪᠠᠶ ᠬᠠᠶ ᠯᠢᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠠᠷᠤᠭ᠎ᠠ ᠵᠠᠩ ᠭᠤᠸᠠᠩ ᠱᠸᠦ ᠨᠠᠷ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠬᠤ ᠪᠠᠷ ᠢᠷᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠨᠡᠭᠡᠭᠡᠯᠳᠠ ᠬᠢᠪᠡᠯ ᠲᠠᠪᠰᠢᠯᠳᠠ ᠪᠢᠯᠬᠠᠵᠤ᠂ ᠬᠠᠮᠳᠤᠷᠠᠯᠴᠠᠭ᠎ᠠ ᠬᠢᠪᠡᠯ ᠰᠠᠶ᠋ᠢ ᠬᠠᠮᠳᠤ ᠪᠠᠷ ᠠᠰᠢᠭ ᠬᠦᠷᠳᠡᠵᠦ ᠴᠢᠳᠠᠨ᠎ᠠ᠃ ᠠᠯᠠᠱᠠ ᠶᠢᠨ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠮᠣᠩᠭᠤᠯ ᠤᠯᠤᠰ ᠪᠣᠯᠤᠨ ᠣᠷᠣᠨ ᠤ ᠳᠣᠲᠣᠷ᠎ᠠ ᠭᠠᠳᠠᠨᠠᠬᠢ ᠭᠠᠵᠠᠷ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠴᠢᠩᠭᠠᠳᠬᠠᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠬᠤᠷᠳᠤᠴᠠ ᠦᠷ᠎ᠡ ᠠᠰᠢᠭ ᠢ ᠳᠡᠭᠡᠭᠰᠢᠯᠡᠭᠦᠯᠵᠦ ᠂ ᠲᠥᠯᠥᠪᠵᠢᠭᠦᠯᠭᠡ ᠶᠢ ᠨᠠᠶᠢᠷᠠᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠤᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠵᠡᠷᠭᠡ ᠲᠠᠯ᠎ᠠ ᠪᠠᠷ ᠨᠡᠩ ᠤᠯᠠᠨ ᠦᠷ᠎ᠡ ᠪᠦᠲᠦᠭᠡᠯ ᠤᠯᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢ ᠨᠡᠭᠡᠭᠡᠬᠦ᠂ ᠳᠤᠮᠳᠠ ᠳᠦᠪᠰᠢᠨ ᠳᠤ ᠣᠷᠣᠬᠤ ᠳᠤ ᠠᠯᠠᠱᠠ ᠶᠢᠨ ᠬᠤᠪᠢ ᠨᠡᠮᠡᠷᠢ ᠶᠢ ᠦᠵᠡᠭᠦᠯᠬᠦ ᠪᠠᠷ ᠴᠢᠷᠮᠠᠶᠢᠨ᠎ᠠ ᠭᠡᠪᠡ᠃    ᠵᠠᠩ ᠭᠤᠸᠠᠩ ᠱᠸᠦ ᠮᠠᠨ ᠤ ᠠᠶᠢᠮᠠᠭ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠠᠬᠢᠭᠤᠯᠬᠤ ᠲᠤᠬᠠᠶ ᠠᠵᠢᠯ ᠤᠨ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠳᠤᠷᠠᠳᠪᠠ᠃ ᠲᠡᠷᠡ᠂ ᠠᠯᠠᠱᠠ ᠶᠢᠨ ᠡᠬᠢ ᠪᠠᠶᠠᠯᠢᠭ ᠡᠯᠪᠡᠭ᠂ ᠣᠷᠣᠨ ᠪᠠᠶᠢᠷᠢ ᠶᠢᠨ ᠨᠥᠬᠦᠴᠡᠯ ᠰᠢᠯᠢᠳᠡᠭ᠂ ᠠᠵᠤ ᠦᠢᠯᠡᠰ ᠤᠨ ᠰᠠᠭᠤᠷᠢ ᠪᠠᠳᠣᠳᠠᠢ ᠶᠤᠮ᠂ ᠳᠠᠯᠳᠠ ᠬᠦᠴᠦᠨ ᠢᠶᠠᠨ ᠢᠯᠡᠷᠡᠭᠦᠯᠵᠦ᠂ ᠳᠠᠪᠠᠭᠤᠯᠢᠭ ᠢᠶᠠᠨ ᠶᠡᠬᠡᠰᠬᠡᠵᠦ᠂ ᠨᠡᠭᠡᠭᠡᠯᠲᠡ ᠬᠢᠵᠦ ᠬᠠᠮᠲᠤᠷᠠᠯᠴᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠠᠩ ᠣᠯᠠᠨ ᠭᠠᠵᠠᠷ ᠣᠷᠣᠨ ᠲᠠᠢ ᠪᠥᠬᠦ ᠲᠠᠯ᠎ᠠ ᠶᠢᠨ᠂ ᠣᠯᠠᠨ ᠬᠦᠷᠢᠶ᠎ᠡ ᠴᠠᠷᠠᠭ᠎ᠠ ᠂ ᠭᠦᠨ ᠳᠠᠪᠬᠤᠷᠭ᠎ᠠ  ᠶᠢᠨ ᠬᠠᠮᠵᠢᠯᠴᠠᠨ ᠬᠥᠭᠵᠢᠬᠦ  ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ  ᠤ ᠤᠯᠤᠰ   ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ  ᠶᠢ ᠲᠦᠷᠬᠡᠨ ᠪᠠᠶᠢᠭᠤᠯᠬᠤ  ᠳᠤ ᠬᠦᠴᠦᠨ ᠨᠡᠮᠡᠷᠢᠯᠡᠬᠦ ᠬᠡᠷᠡᠭᠲᠡᠶ ᠭᠡᠪᠡ᠃    ᠯᠢᠦ ᠴᠥᠩ ᠰᠢᠶᠤᠤ ᠶᠠᠷᠢᠯᠴᠠᠬᠤ ᠬᠤᠷᠠᠯ ᠳᠤ ᠣᠷᠣᠯᠴᠠᠪᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号