2 ᠰᠠᠷ᠎ᠠ ᠶᠢᠨ 19 ᠤ ᠡᠳᠦᠷ ᠠᠴᠠ 2 ᠰᠠᠷ᠎ᠠ ᠶᠢᠨ 22 ᠤᠨ ᠡᠳᠦᠷ ᠪᠣᠯᠲᠠᠯ᠎ᠠ᠂ ᠠᠶᠢᠮᠠᠭ ᠤᠨ ᠨᠠᠮ ᠤᠨ | ᠬᠤᠷᠢᠶᠠᠨ ᠤ ᠱᠦᠵᠢ ᠬᠤᠸᠠᠩ ᠶᠠ ᠯᠢ ᠪᠦᠯᠬᠦᠮ ᠳᠠᠭᠠᠭᠤᠯᠤᠨ ᠭᠤᠸᠠᠩᠵᠧᠦ᠂ ᠱᠧᠨ᠋ᠵᠧᠨ ᠳᠤ ᠬᠦᠷᠴᠦ | ᠬᠤᠳᠠᠯᠳᠤᠭᠠᠴᠢᠨ ᠤᠷᠢᠵᠤ ᠪᠠᠯᠠ ᠣᠷᠣᠭᠤᠯᠤᠨ᠂ ᠴᠢᠨᠠᠷ ᠰᠠᠶᠢᠲᠠᠶ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ | ᠰᠢᠨᠵᠢᠯᠡᠨ ᠪᠠᠶᠢᠴᠠᠭᠠᠵᠤ᠂ ᠴᠢᠨᠠᠷ ᠰᠠᠶᠢᠲᠠᠶ ᠡᠬᠢ ᠪᠠᠶᠠᠯᠢᠭ ᠲᠠᠢ ᠣᠨᠣᠪᠴᠢᠲᠠᠶ ᠵᠣᠯᠭᠠᠭᠤᠯᠵᠤ᠂ ᠬᠠᠮᠲᠤᠷᠠᠯᠴᠠᠭᠠᠨ ᠤ | ᠠᠵᠠ ᠲᠣᠬᠢᠶᠠᠯ ᠢ ᠢᠳᠡᠪᠬᠢᠲᠡᠶ ᠡᠷᠢᠯᠬᠢᠯᠡᠪᠡ᠃ | ᠡᠯ᠎ᠡ ᠲᠤᠮᠤ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠬᠤ ᠶᠠᠪᠤᠴᠠ ᠳᠤ᠂ ᠬᠤᠸᠠᠩ ᠶᠠ ᠯᠢ ᠠᠯᠠᠱᠠ ᠶᠢᠨ | ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ | ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠤ᠂ ᠪᠣᠳᠠᠲᠠᠢ ᠬᠠᠮᠲᠤᠷᠠᠯᠴᠠᠭᠠᠨ ᠤ ᠰᠠᠨᠠᠮᠵᠢ ᠪᠠ | ᠶᠠᠪᠤᠳᠠᠯ ᠤᠨ ᠲᠤᠬᠠᠢ ᠰᠡᠳᠬᠢᠴᠡ ᠪᠠ ᠪᠤᠳᠤᠯ ᠢ ᠶᠠᠷᠢᠪᠠ᠃ ᠲᠡᠷᠡ᠂ ᠠᠯᠠᠱᠠ ᠶᠠᠭ ᠪᠥᠬᠦ ᠠᠶᠢᠮᠠᠭ ᠤᠨ | ᠬᠦᠴᠦᠨ ᠢᠶᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ᠂ ᠬᠦᠴᠦᠨ ᠢᠶᠠᠨ ᠲᠥᠪᠯᠡᠷᠡᠭᠦᠯᠦᠨ ᠪᠥᠬᠦ ᠤᠯᠤᠰ ᠤᠨ ᠳ᠋ᠦᠩᠰᠢᠭᠤᠷ ᠺᠢᠯᠣᠸᠠᠲ ᠤᠨ | ᠰᠢᠨ᠎ᠡ ᠡᠨᠧᠷᠭᠢ ᠶᠢᠨ ᠴᠢᠬᠤᠯᠠ ᠲᠣᠮᠣ ᠰᠠᠭᠤᠷᠢᠨ ᠭᠠᠵᠠᠷ ᠪᠣᠯᠤᠨ ᠤᠯᠤᠰ ᠤᠨ ᠲᠠᠰ ᠤᠨ ᠰᠢᠨ᠎ᠡ ᠡᠨᠧᠷᠭᠢ ᠶᠢ | ᠥᠪᠡᠰᠦᠪᠡᠨ ᠬᠡᠷᠡᠭᠯᠡᠬᠦ ᠪᠠ ᠰᠢᠩᠭᠡᠭᠡᠬᠦ ᠵᠢᠱᠢᠶ᠎ᠡ ᠦᠵᠡᠭᠦᠯᠬᠦ ᠰᠠᠭᠤᠷᠢᠨ ᠢ ᠪᠥᠲᠥᠭᠡᠨ ᠪᠠᠶᠢᠭᠤᠯᠵᠤ᠂ ︽ᠰᠢᠨ᠎ᠡ | ᠡᠨᠧᠷᠭᠢ +︾ ᠪᠠ ︽+ ᠰᠢᠨ᠎ᠡ ᠡᠨᠧᠷᠭᠢ︾ ᠬᠡᠪ ᠮᠠᠶ᠋ᠢᠭ ᠢᠶᠠᠷ ᠪᠥᠬᠦ ᠠᠵᠤ ᠦᠢᠯᠡᠰ ᠤᠨ ᠬᠡᠯᠬᠢᠶ᠎ᠡ ᠶᠢ | ᠨᠠᠷᠢᠯᠢᠭᠵᠢᠭᠤᠯᠤᠨ ᠰᠢᠯᠢᠳᠡᠭᠵᠢᠭᠦᠯᠵᠦ᠂ ᠴᠡᠪᠡᠷ ᠴᠠᠬᠢᠯᠭᠠᠨ ᠤ ᠥᠪᠡᠷ ᠤᠨ ᠥᠷᠲᠡᠭ ᠤᠨ ᠬᠤᠲᠣᠭᠤᠷ ᠭᠠᠵᠠᠷ᠂ | ᠴᠡᠪᠡᠷ ᠡᠨᠧᠷᠭᠢ ᠶᠢᠨ ᠠᠵᠤ ᠠᠬᠤᠶ ᠶᠢᠨ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠵᠤ ᠪᠠᠶᠢᠨ᠎ᠠ᠃ ᠡᠨᠡ | ᠵᠢᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠪᠠᠷ ᠪᠥᠬᠦ ᠠᠶᠢᠮᠠᠭ ᠢᠶᠠᠷ ᠢᠶᠠᠨ | ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ᠂ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠵᠡᠷᠭᠡ ︽ᠵᠢᠷᠭᠤᠭᠠᠨ ᠠᠵᠢᠯᠯᠠᠭ᠎ᠠ︾ ᠶᠢ | ᠭᠦᠨᠵᠡᠭᠡᠶ ᠥᠷᠨᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠠᠩ ᠨᠡᠮᠡᠭᠳᠡᠭᠦᠯᠦᠨ᠂ ᠬᠥᠭᠵᠢᠯᠲᠡ ᠶᠢᠨ | ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠲᠥᠷᠥ ᠶᠢᠨ ᠪᠣᠳᠣᠯᠭ᠎ᠠ᠂ ᠡᠬᠢ ᠪᠠᠶᠠᠯᠢᠭ ᠪᠠ ᠠᠵᠤ ᠦᠢᠯᠡᠰ ᠤᠨ | ᠳᠠᠪᠠᠭᠤᠯᠢᠭ ᠢ ᠶᠡᠬᠡᠰᠬᠡᠵᠦ᠂ ᠡᠨᠡ ᠬᠦ ᠦᠶ᠎ᠡ ᠳᠤ ᠠᠯᠠᠱᠠ ᠳᠤ ᠢᠷᠡᠵᠦ ᠪᠠᠯᠠ ᠣᠷᠣᠭᠤᠯᠤᠨ ᠭᠦᠭᠵᠢᠬᠦᠯᠬᠦ ᠨᠢ ᠶᠠᠭ | ᠰᠠᠶᠢᠬᠠᠨ ᠴᠠᠭ ᠲᠠᠭᠠᠨ ᠳᠣᠭᠢᠷᠠᠵᠤ ᠪᠠᠶᠢᠨ᠎ᠠ ᠬᠡᠪᠡ᠃ | ᠳᠤᠮᠳᠠᠳᠤ ᠤᠯᠤᠰ ᠤᠨ ᠭᠤᠸᠠᠩᠵᠸᠦ ᠴᠦᠮ᠎ᠡ ᠶᠢᠨ ᠪᠦᠯᠦᠭᠯᠡᠯ ᠪᠣᠯ ᠴᠡᠪᠡᠷ ᠡᠨᠧᠷᠭᠢ ᠶᠢᠨ ᠬᠥᠭᠵᠢᠯᠲᠡ ᠳᠤ | ᠬᠦᠴᠦᠯᠡᠨ ᠴᠢᠷᠮᠠᠶᠢᠵᠤ ᠪᠠᠶᠢᠭ᠎ᠠ ᠲᠤᠮᠤ ᠬᠡᠯᠪᠡᠷᠢ ᠶᠢᠨ ᠲᠥᠪ ᠤᠨ ᠠᠵᠤ ᠠᠬᠤᠶᠢᠯᠠᠯ ᠪᠣᠯᠤᠨ᠎ᠠ᠂ ᠠᠯᠠᠱᠠ ᠲᠠᠢ ᠭᠦᠨ | ᠵᠤᠵᠠᠭᠠᠨ ᠬᠠᠮᠲᠤᠷᠠᠯᠴᠠᠭᠠᠨ ᠤ ᠰᠠᠭᠤᠷᠢ ᠲᠠᠢ ᠶᠤᠮ᠃ ᠬᠤᠸᠠᠩ ᠶᠠ ᠯᠢ ᠲᠤᠰ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠶᠠᠩ ᠴᠠᠩ ᠯᠢ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠣᠷᠣᠨ ᠨᠤᠲᠤᠭ ᠠᠵᠤ | ᠠᠬᠤᠶᠢᠯᠠᠯ ᠤᠨ ᠬᠤᠣᠰ ᠴᠢᠭᠯᠡᠯ ᠢᠶᠠᠷ ᠤᠷᠤᠭᠰᠢᠯᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ | ᠥᠷᠭᠡᠳᠬᠡᠵᠦ᠂ ᠠᠯᠠᠱᠠ ᠶᠢᠨ ᠰᠢᠨ᠎ᠡ ᠡᠨᠧᠷᠭᠢ ᠶᠢᠨ ᠲᠤᠮᠤ ᠰᠠᠭᠤᠷᠢᠨ ᠢ ᠪᠦᠳᠦᠭᠡᠨ ᠪᠠᠶᠢᠭᠤᠯᠬᠤ᠂ ᠰᠢᠨ᠎ᠡ | ᠬᠡᠯᠪᠡᠷᠢ ᠶᠢᠨ ᠡᠨᠧᠷᠭᠢ ᠬᠠᠳᠠᠭᠠᠯᠠᠬᠤ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠬᠦᠷᠢᠶᠡᠨ ᠳᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠪᠡᠯᠭᠡ ᠲᠡᠮᠳᠡᠭ ᠤᠨ ᠴᠢᠨᠠᠷᠲᠠᠢ | ᠬᠠᠮᠲᠤᠷᠠᠯᠴᠠᠭᠠᠨ ᠤ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠶᠢᠨ ᠬᠠᠮᠲᠤ ︽ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠠᠯᠠᠱᠠ ᠶᠢᠨ ᠨᠡᠩ ᠤᠯᠠᠨ ᠳᠡᠭᠡᠳᠦ | ᠲᠡᠰᠵᠢᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠠᠵᠤ ᠦᠢᠯᠡᠰ ᠣᠷᠣᠭᠤᠯᠬᠤ ᠶᠢ ᠬᠠᠪᠰᠤᠷᠴᠤ᠂ ᠠᠯᠠᠱᠠ ᠶᠢᠨ | ᠰᠢᠨ᠎ᠡ ᠡᠨᠧᠷᠭᠢ ᠶᠢᠨ ᠠᠵᠤ ᠦᠢᠯᠡᠰ ᠤᠨ ᠪᠦᠬᠦ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ | | | | | | | | | | | | | | | | | | | | ᠭᠤᠸᠠᠩᠳᠦ᠋ᠩ ᠤᠨ ᠵᠦᠵᠢᠶᠠᠩ ᠪᠡᠯᠡ ᠣᠷᠣᠭᠤᠯᠤᠯᠲᠠ ᠶᠢ ᠬᠠᠮᠢᠶᠠᠷᠬᠤ ᠪᠦᠯᠦᠭᠯᠡᠯ ᠪᠣᠯᠤᠨ ᠭᠤᠸᠠᠩᠳᠦ᠋ᠩ | ᠮᠤᠵᠢ ᠶᠢᠨ ᠡᠨᠧᠷᠭᠢ ᠶᠢᠨ ᠪᠦᠯᠦᠭᠯᠡᠯ ᠪᠣᠯ ᠤᠯᠤᠰ ᠤᠨ ᠳᠣᠲᠣᠭᠠᠳᠤ ᠶᠢᠨ ᠪᠣᠳᠠᠲᠤ ᠬᠦᠴᠦᠨ ᠲᠠᠢ ᠰᠠᠭᠤᠷᠢ | ᠲᠥᠬᠦᠭᠡᠷᠦᠮᠵᠢ ᠶᠢᠨ ᠪᠡᠯᠡ ᠣᠷᠣᠭᠤᠯᠤᠯᠲᠠ᠂ ᠡᠨᠧᠷᠭᠢ ᠶᠢᠨ ᠠᠵᠤ ᠦᠢᠯᠡᠰ ᠤᠨ ᠪᠦᠳᠦᠭᠡᠨ ᠪᠠᠶᠢᠭᠤᠯᠤᠯᠲᠠ ᠶᠢ | ᠬᠢᠵᠦ ᠪᠠᠶᠢᠭ᠎ᠠ ᠲᠤᠮᠤ ᠬᠡᠯᠪᠡᠷᠢ ᠶᠢᠨ ᠠᠵᠤ ᠠᠬᠤᠶᠢᠯᠠᠯ ᠪᠣᠯᠤᠨ᠎ᠠ᠂ ᠤᠯᠤᠰ ᠤᠨ ᠳᠣᠲᠣᠭᠠᠳᠤ ᠶᠢᠨ ᠳᠡᠭᠡᠳᠦ ᠲᠡᠰ ᠤᠨ | ᠴᠢᠳᠠᠪᠤᠷᠢᠲᠠᠨ᠂ ᠲᠡᠷᠢᠭᠦᠨ ᠤ ᠮᠡᠷᠭᠡᠵᠢᠯ ᠪᠣᠯᠤᠨ ᠴᠢᠨᠠᠷ ᠰᠠᠶᠢᠲᠠᠢ ᠡᠬᠢ ᠪᠠᠶᠠᠯᠢᠭ ᠢ ᠬᠤᠷᠠᠮᠳᠤᠭᠤᠯᠵᠤ᠂ ᠠᠯᠠᠱᠠ ᠶᠢᠨ | ᠠᠵᠤ ᠦᠢᠯᠡᠰ ᠲᠠᠢ ᠬᠠᠮᠳᠣᠷᠠᠯᠴᠠᠬᠤ ᠥᠷᠭᠡᠨ ᠠᠭᠤᠳᠠᠮ ᠣᠷᠣᠨ ᠵᠠᠢ ᠲᠠᠢ ᠶᠤᠮ᠃ ᠬᠤᠸᠠᠩ ᠶᠠ ᠯᠢ ᠬᠤᠶᠠᠷ | ᠲᠣᠮᠣ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠳᠠᠭᠠᠭᠠᠮᠠᠯ ᠵᠦ ᠢ ᠬᠠᠩ ᠪᠣᠯᠤᠨ ᠸᠧᠨ | ᠯᠢᠶᠠᠨ ᠾᠧ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ ᠬᠢᠨ ᠲᠡᠷᠢᠭᠦᠨ ᠤ ᠰᠢᠨᠵᠢᠯᠡᠬᠦ | ᠤᠬᠠᠭᠠᠨ ᠮᠡᠷᠭᠡᠵᠢᠯ ᠪᠣᠯᠤᠨ ᠬᠥᠭᠵᠢᠯᠲᠡ ᠶᠢᠨ ᠵᠠᠭᠪᠤᠷ ᠢᠶᠠᠷ ᠠᠯᠠᠱᠠ ᠶᠢᠨ ᠠᠵᠤ ᠦᠢᠯᠡᠰ ᠢ ᠪᠠᠶᠢᠷᠢᠰᠢᠭᠤᠯᠵᠤ᠂ | ᠪᠠᠯᠠ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠠᠭᠤᠷᠬᠠᠶ ᠶᠢᠨ ᠭᠠᠷᠤᠯᠲᠠ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ᠂ ᠰᠢᠨ᠎ᠡ ᠡᠨᠧᠷᠭᠢ ᠶᠢᠨ ᠠᠵᠤ ᠦᠢᠯᠡᠰ ᠢ ᠬᠦᠭᠵᠢᠬᠦᠯᠬᠦ ᠵᠡᠷᠭᠡ ᠬᠦᠷᠢᠶᠡᠨ ᠳᠠᠬᠢ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠠᠷ ᠬᠤᠯᠪᠣᠨ ᠴᠢᠩᠭᠠᠳᠬᠠᠵᠤ᠂ ᠨᠡᠭᠦᠷᠡᠰᠦ᠂ ᠴᠠᠬᠢᠯᠭᠠᠨ᠂ ᠵᠠᠮ᠂ ᠭᠠᠷᠠᠮ᠂ | ᠬᠥᠮᠥᠷᠭᠡ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠲᠥᠷᠥᠯ ᠵᠦᠢᠯ ᠪᠣᠯᠤᠨ ᠬᠡᠷᠡᠯ ᠢᠯᠴᠢ ᠪᠠᠷ | ᠴᠠᠬᠢᠯᠭᠠᠨ ᠭᠠᠷᠭᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠶᠢ ᠨᠢᠭᠡ ᠴᠣᠭᠴᠠᠵᠢᠭᠤᠯᠬᠤ ᠵᠡᠷᠭᠡ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠵᠤ᠂ ᠨᠠᠩ ᠥᠨᠳᠥᠷ ᠲᠦᠪᠰᠢᠨ᠂ ᠨᠠᠩ ᠴᠢᠨᠠᠷ ᠰᠠᠶᠢᠲᠠᠶ | ᠬᠥᠭᠵᠢᠯᠲᠡ ᠶᠢ ᠬᠠᠮᠲᠤ ᠪᠠᠷ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ | | | | | | | | | | | | | | | | | | | | | | | | | | | ᠡᠯ᠎ᠡ ᠠᠵᠤ ᠠᠬᠤᠶᠢᠯᠠᠯ ᠤᠨ ᠬᠤᠯᠪᠣᠭᠳᠠᠯ ᠪᠦᠬᠦᠢ ᠨᠥᠬᠦᠳ ᠠᠴᠠ᠂ ᠠᠯᠠᠱᠠ ᠶᠢᠨ ᠰᠠᠯᠬᠢ᠂ ᠬᠡᠷᠡᠯ᠂ | ᠭᠠᠵᠠᠷ ᠤᠨ ᠡᠬᠢ ᠪᠠᠶᠠᠯᠢᠭ ᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠲᠣᠪᠤᠶᠢᠮ᠎ᠠ᠂ ᠬᠥᠭᠵᠢᠯᠲᠡ ᠶᠢᠨ ᠬᠠᠨᠳᠤᠰᠢ | ᠡᠷᠴᠢᠮᠳᠡᠢ ᠪᠠᠶᠢᠵᠤ᠂ ᠳᠤᠷᠠᠲᠠᠶ᠎ᠠ ᠠᠯᠠᠱᠠ ᠳᠤ ᠠᠩᠬᠠᠷᠣᠯ ᠢᠶᠠᠨ ᠢᠯᠡᠬᠦᠬᠡᠨ ᠳᠦᠪᠯᠡᠷᠡᠬᠦᠯᠵᠦ᠂ ᠥᠪᠡᠷ ᠥᠪᠡᠷ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠨᠡᠩ ᠤᠯᠠᠨ ᠬᠠᠮᠲᠤ ᠶᠢᠨ ᠲᠠᠨᠢᠯᠲᠠ ᠲᠠᠢ ᠪᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠬᠦᠷᠳᠡᠬᠦ᠂ ᠬᠠᠮᠲᠤ ᠪᠠᠷ ᠬᠥᠭᠵᠢᠬᠦ ᠪᠠᠷ ᠴᠢᠷᠮᠠᠶᠢᠨ᠎ᠠ ᠭᠡᠪᠡ᠃ | ᠬᠤᠸᠠᠩ ᠶᠠ ᠯᠢ ᠨᠡᠷ ᠪᠠᠰᠠ ᠬᠤᠸᠠ ᠷᠦᠨ ︵ᠪᠦᠯᠦᠭᠯᠡᠯ︶ ᠬᠢᠵᠠᠭᠠᠷᠲᠤ ᠺᠣᠮᠫᠠᠨᠢ᠂ TCL ᠬᠤᠸᠠ ᠰᠢᠩ | ᠭᠡᠷᠡᠯ ᠴᠠᠬᠢᠯᠭᠠᠨ ᠤ ᠮᠡᠷᠭᠡᠵᠢᠯ ᠤᠨ ᠬᠢᠵᠠᠭᠠᠷᠲᠤ ᠺᠣᠮᠫᠠᠨᠢ᠂ ᠳ᠋ᠠ ᠵᠢᠶᠠᠩ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠤᠯᠪᠣᠭᠳᠠᠯ ᠪᠦᠬᠦᠢ | ᠨᠥᠬᠦᠳ ᠲᠠᠢ ᠭᠦᠨᠵᠡᠭᠡᠢ ᠶᠠᠷᠢᠯᠴᠠᠵᠤ᠂ ᠬᠥᠭᠵᠢᠯᠲᠡ ᠶᠢ ᠬᠠᠮᠲᠤ ᠪᠠᠷ ᠶᠠᠷᠢᠯᠴᠠᠪᠠ᠃ | ᠯᠢᠦ ᡁᠢ ᠴᠢᠶᠠᠩ᠂ ᠸᠧᠢ ᡁᠢ ᠭᠦᠸᠧ᠂ ᠪᠦᠦ ᠶᠧ᠂ ᠸᠠᠩ ᠯᠢ ᠵᠢᠶᠦ᠋ᠨ ᠨᠡᠷ ᠣᠷᠣᠯᠴᠠᠪᠠ᠃ |