ᠠᠶᠢᠮᠠᠭ ᠤᠨ ᠵᠠᠬᠢᠷᠭ᠎ᠠ ᠮᠣᠩᠭᠤᠯ ᠤᠯᠤᠰ ᠤᠨ ᠪᠠᠶᠠᠨᠬᠤᠩᠭᠤᠷ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/2/24
    2 ᠰᠠᠷ᠎ᠠ ᠶᠢᠨ 20 ᠤ ᠡᠳᠦᠷ᠂ ᠠᠶᠢᠮᠠᠭ ᠤᠨ ᠵᠠᠬᠢᠷᠭ᠎ᠠ ᠪᠣᠯᠤᠨ ᠮᠣᠩᠭᠤᠯ ᠤᠯᠤᠰ ᠤᠨ ᠪᠠᠶᠠᠨᠬᠤᠩᠭᠤᠷ ᠠᠶᠢᠮᠠᠭ  ᠤᠨ ᠲᠥᠯᠥᠭᠡᠯᠡᠭᠴᠢᠳ ᠤᠨ ᠪᠦᠯᠬᠦᠮ ᠶᠠᠷᠢᠯᠴᠠᠬᠤ ᠬᠤᠷᠠᠯ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ᠂ ᠮᠣᠩᠭᠤᠯ ᠤᠯᠤᠰ ᠤᠨ ᠪᠠᠶᠠᠨᠬᠤᠩᠭᠤᠷ ᠠᠶᠢᠮᠠᠭ ᠤᠨ ᠳᠠᠷᠤᠭ᠎ᠠ ᠳ᠋ᠤ᠋ · ᠮᠥᠩᠬᠡᠰᠠᠶᠢᠬᠠᠨ ᠬᠤᠷᠠᠯ ᠳᠤ ᠣᠷᠣᠯᠴᠠᠪᠠ᠃
1.jpg
     ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠶᠢᠨ ᠲᠥᠯᠥᠭᠡᠯᠡᠭᠴᠢᠳ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠬᠤ ᠵᠡᠷᠭᠡ ᠲᠣᠭᠤᠷᠢᠨ ᠳᠤ ᠭᠦᠨᠵᠡᠭᠡᠢ ᠵᠥᠪᠳᠡᠯᠴᠡᠨ ᠶᠠᠷᠢᠯᠴᠠᠵᠤ᠂ ᠠᠯᠢ ᠤᠯᠠᠨ ᠬᠠᠮᠲᠤ ᠶᠢᠨ ᠲᠠᠨᠢᠯᠲᠠ ᠲᠠᠢ ᠪᠣᠯᠪᠠ᠃ ᠪᠠᠢ ᠬᠠᠢ ᠯᠢᠨ ᠳ᠋ᠤ᠋ · ᠮᠥᠩᠬᠡᠰᠠᠶᠢᠬᠠᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠠᠯᠠᠱᠠ ᠠᠶᠢᠮᠠᠭ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠲᠡᠷᠡ᠂ ᠤᠢᠢᠷ᠎ᠠ ᠶᠢᠨ ᠵᠢᠯ ᠠᠴᠠ ᠠᠯᠠᠱᠠ ᠠᠶᠢᠮᠠᠭ ᠪᠣᠯᠤᠨ ᠪᠠᠶᠠᠨᠬᠤᠩᠭᠤᠷ ᠠᠶᠢᠮᠠᠭ ᠯᠤᠭ᠎ᠠ ᠶᠢᠨ ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠨᠥᠬᠦᠷᠰᠡᠭ ᠬᠤᠳᠠ ᠪᠤᠯᠵᠤ᠂ ᠬᠢᠯᠢ ᠶᠢᠨ ᠪᠣᠭᠤᠮᠲᠠ ᠶᠢᠨ ᠠᠷᠠᠯᠵᠢᠶ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠰᠠᠭᠤᠷᠢ ᠲᠥᠬᠦᠭᠡᠷᠦᠮᠵᠢ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠮᠠᠰᠢ ᠤᠯᠠᠨ ᠦᠷ᠎ᠡ ᠪᠦᠲᠦᠭᠡᠯ ᠤᠯᠪᠠ᠃ ᠠᠯᠠᠱᠠ ᠠᠶᠢᠮᠠᠭ ᠳᠤᠷᠠᠲᠠᠶ᠎ᠠ ᠪᠠᠶᠠᠨᠬᠤᠩᠭᠤᠷ ᠠᠶᠢᠮᠠᠭ ᠲᠠᠢ ᠬᠠᠮᠲᠤ ᠪᠠᠷ ᠪᠠᠶᠢᠩᠭᠤ ᠶᠢᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠨᠡᠩ ᠭᠦᠨ ᠳᠠᠪᠬᠤᠷᠭ᠎ᠠ ᠶᠢᠨ᠂ ᠨᠡᠩ ᠥᠷᠭᠡᠨ ᠬᠦᠷᠢᠶᠡᠨ ᠤ ᠨᠥᠬᠦᠷᠰᠡᠭ ᠬᠠᠮᠲᠤᠷᠠᠯᠴᠠᠭ᠎ᠠ ᠪᠠᠨ ᠭᠠᠷ ᠬᠤᠯᠪᠣᠨ ᠠᠬᠢᠭᠤᠯᠵᠤ᠂ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠪᠡ᠃    ᠳ᠋ᠤ᠋ · ᠮᠥᠩᠬᠡᠰᠠᠶᠢᠬᠠᠨ᠂ ᠪᠠᠶᠠᠨᠬᠤᠩᠭᠤᠷ ᠠᠶᠢᠮᠠᠭ ᠪᠣᠯᠤᠨ ᠠᠯᠠᠱᠠ ᠠᠶᠢᠮᠠᠭ ᠬᠥᠷᠰᠢᠯᠡᠵᠦ᠂ ᠭᠦᠨ ᠵᠤᠵᠠᠭᠠᠨ ᠨᠥᠬᠦᠷᠯᠡᠯ ᠲᠠᠢ ᠶᠤᠮ᠂ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠢᠯᠢ ᠠᠯᠤᠰᠯᠠᠭᠰᠠᠨ ᠵᠢᠭᠤᠯᠴᠢᠯᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠢᠯᠢ ᠶᠢᠨ ᠪᠣᠭᠤᠮᠲᠠ ᠶᠢᠨ ᠠᠷᠠᠯᠵᠢᠶ᠎ᠠ ᠵᠡᠷᠭᠡ ᠬᠦᠷᠢᠶᠡᠨ ᠤ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ᠃   ᠠᠶᠢᠮᠠᠭ ᠤᠨ ᠳᠡᠳ᠋ ᠳᠠᠷᠤᠭ᠎ᠠ ᠮᠠ ᠵᠣᠣ ᠹᠧᠩ ᠣᠷᠣᠯᠴᠠᠵᠠᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号