2 ᠰᠠᠷ᠎ᠠ ᠶᠢᠨ 21 ᠤ ᠡᠳᠦᠷ᠂ ᠠᠯᠠᠱᠠ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ | ᠣᠷᠣᠨ ᠤ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ | ᠲᠠᠨᠢᠯᠴᠠᠭᠤᠯᠭ᠎ᠠ ᠶᠢᠨ ᠬᠤᠷᠠᠯ ᠱᠧᠨ᠋ᠵᠧᠨ ᠳᠤ ᠶᠠᠪᠤᠭᠳᠠᠪᠠ᠃ | | | | | | | | | | | | ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠲᠠᠨᠢᠯᠴᠠᠭᠤᠯᠬᠤ ᠬᠤᠷᠠᠯ ᠳᠤ ᠣᠷᠣᠯᠴᠠᠭᠰᠠᠨ | ᠪᠥᠭᠡᠳ ᠪᠠᠶᠠᠷ ᠤᠨ ᠦᠭᠡ ᠬᠡᠯᠡᠵᠦ᠂ ᠠᠶᠢᠮᠠᠭ ᠤᠨ ᠳᠡᠳ᠋ ᠳᠠᠷᠤᠭ᠎ᠠ ᠪᠦᠦ ᠶᠧ ᠲᠠᠨᠢᠯᠴᠠᠭᠤᠯᠬᠤ ᠬᠤᠷᠠᠯ ᠢ ᠡᠷᠭᠢᠯᠡᠵᠦ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠧᠨ᠋ᠵᠧᠨ ᠳᠤ | ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ᠂ ᠡᠯ᠎ᠡ ᠬᠤᠰᠢᠭᠤ ᠣᠷᠣᠨ ᠤ ᠬᠠᠷᠢᠭᠤᠴᠠᠯᠭᠠᠲᠠᠨ᠂ 110 ᠭᠠᠷᠤᠶ ᠠᠵᠤ ᠠᠬᠤᠶᠢᠯᠠᠯ ᠤᠨ | ᠲᠥᠯᠥᠭᠡᠯᠡᠭᠴᠢ ᠲᠠᠨᠢᠯᠴᠠᠭᠤᠯᠬᠤ ᠬᠤᠷᠠᠯ ᠳᠤ ᠣᠷᠣᠯᠴᠠᠪᠠ᠃ ᠬᠠᠮᠢᠶ᠎ᠠ ᠪᠦᠬᠦᠢ ᠨᠥᠬᠦᠳ ᠠᠯᠠᠱᠠ ᠠᠶᠢᠮᠠᠭ ᠤᠨ | ᠰᠢᠨ᠎ᠡ ᠡᠨᠧᠷᠭᠢ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠵᠡᠷᠭᠡ ᠬᠦᠷᠢᠶᠡᠨ ᠤ ᠬᠥᠭᠵᠢᠯᠲᠡ ᠶᠢᠨ ᠰᠠᠭᠤᠷᠢ | ᠪᠣᠯᠤᠨ ᠠᠯᠤᠰ ᠢᠷᠡᠭᠡᠳᠦᠢ ᠶᠢ ᠨᠠᠷᠢᠨ ᠲᠠᠨᠢᠯᠴᠠᠭᠤᠯᠪᠠ᠃ | | | | | | | | | | | | | | | | | | | | | | | | | | | ᠬᠤᠸᠠᠩ ᠶᠠ ᠯᠢ ᠪᠠᠶᠠᠷ ᠤᠨ ᠦᠭᠡ ᠳᠡᠭᠡᠨ᠂ ᠠᠯᠠᠱᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ | ᠳᠠᠪᠠᠭᠤᠯᠢᠭ ᠣᠯᠠᠨ᠂ ᠤᠯᠠᠨ ᠠᠴᠠ ᠬᠡᠲᠦ᠋ᠢᠳᠦᠭᠰᠡᠨ ᠴᠡᠪᠡᠷ ᠡᠨᠧᠷᠭᠢ ᠶᠢᠨ ᠳᠠᠪᠠᠭᠤᠯᠢᠭ ᠲᠠᠢ ᠪᠠᠶᠢᠬᠤ ᠪᠠᠷ ᠪᠠᠷᠠᠬᠤ | ᠦᠭᠡᠢ᠂ ᠨᠡᠩ ᠴᠤ ᠤᠯᠤᠰ ᠤᠨ ︽ᠭᠤᠪᠢ ᠴᠦᠯ︾ ᠤᠨ ᠲᠦᠷᠦ ᠶᠢᠨ ᠪᠤᠳᠤᠯᠭ᠎ᠠ ᠶᠢᠨ ᠠᠴᠢ ᠲᠤᠰᠠ ᠶᠢ | ᠬᠦᠷᠳᠡᠵᠦ᠂ ᠴᠡᠪᠡᠷ ᠡᠨᠧᠷᠭᠢ ᠶᠢ ᠬᠦᠭᠵᠢᠬᠦᠯᠬᠦ ᠢᠷᠡᠭᠡᠳᠦᠢ ᠰᠠᠷᠠᠭᠤᠯ ᠠᠭᠤᠳᠠᠮ ᠪᠠᠶᠢᠨ᠎ᠠ᠃ ᠠᠯᠠᠱᠠ ᠶᠢᠨ ᠰᠢᠨ᠎ᠡ | ᠡᠨᠧᠷᠭᠢ ᠶᠢᠨ ᠬᠥᠭᠵᠢᠯᠲᠡ ᠶᠢᠨ ᠣᠷᠣᠨ ᠵᠠᠢ ᠯᠤᠲᠤ ᠶᠡᠭᠡ ᠪᠠᠶᠢᠵᠤ᠂ ᠪᠦᠬᠦ ᠤᠯᠤᠰ ᠤᠨ ᠳ᠋ᠦᠩᠰᠢᠭᠤᠷ | ᠺᠢᠯᠣᠸᠠᠲ ᠤᠨ ᠰᠢᠨ᠎ᠡ ᠡᠨᠧᠷᠭᠢ ᠶᠢᠨ ᠴᠢᠬᠤᠯᠠ ᠲᠤᠮᠤ ᠰᠠᠭᠤᠷᠢᠨ ᠪᠠ ᠤᠯᠤᠰ ᠤᠨ ᠲᠡᠰ ᠤᠨ ᠰᠢᠨ᠎ᠡ ᠡᠨᠧᠷᠭᠢ ᠶᠢᠨ | ᠥᠪᠡᠷ ᠢᠶᠠᠨ ᠬᠡᠷᠡᠭᠯᠡᠵᠦ ᠰᠢᠩᠭᠡᠭᠡᠨ ᠠᠪᠬᠤ ᠵᠢᠱᠢᠶ᠎ᠡ ᠦᠵᠡᠭᠦᠯᠬᠦ ᠰᠠᠭᠤᠷᠢᠨ ᠢ ᠬᠦᠴᠦ ᠪᠠᠨ ᠲᠥᠪᠯᠡᠷᠡᠭᠦᠯᠦᠨ | ᠪᠦᠳᠦᠭᠡᠨ ᠪᠠᠶᠢᠭᠤᠯᠵᠤ᠂ ︽ᠰᠢᠨ᠎ᠡ ᠡᠨᠧᠷᠭᠢ +︾ ᠪᠠ ︽+ ᠰᠢᠨ᠎ᠡ ᠡᠨᠧᠷᠭᠢ︾ ᠬᠡᠪ ᠮᠠᠶ᠋ᠢᠭ ᠢᠶᠠᠷ ᠪᠦᠬᠦ ᠠᠵᠤ | ᠦᠢᠯᠡᠰ ᠤᠨ ᠬᠡᠯᠬᠢᠶ᠎ᠡ ᠶᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠴᠡᠪᠡᠷ ᠴᠠᠬᠢᠯᠭᠠᠨ ᠤ ᠥᠪᠡᠷ ᠤᠨ ᠦᠷᠳᠡᠭ ᠤᠨ | ᠬᠤᠲᠣᠭᠤᠷ ᠭᠠᠵᠠᠷ᠂ ᠴᠡᠪᠡᠷ ᠡᠨᠧᠷᠭᠢ ᠶᠢᠨ ᠠᠵᠤ ᠠᠬᠤᠢ ᠶᠢᠨ ᠥᠨᠳᠦᠷᠯᠢᠭ ᠢ ᠪᠦᠬᠦ ᠬᠦᠴᠦ ᠪᠠᠷ ᠢᠶᠠᠨ ᠪᠦᠳᠦᠭᠡᠨ | ᠪᠠᠶᠢᠭᠤᠯᠵᠤ᠂ ᠴᠡᠪᠡᠷ ᠡᠨᠧᠷᠭᠢ ᠶᠢ ᠬᠦᠭᠵᠢᠬᠦᠯᠬᠦ ᠢᠷᠡᠭᠡᠳᠦᠢ ᠰᠠᠶᠢᠬᠠᠨ ᠪᠠᠶᠢᠨ᠎ᠠ᠃ ᠠᠯᠠᠱᠠ ᠶᠢᠨ ᠰᠢᠨ᠎ᠡ | ᠡᠨᠧᠷᠭᠢ ᠶᠢᠨ ᠬᠥᠭᠵᠢᠯᠲᠡ ᠶᠠᠭ ᠡᠷᠴᠢᠮᠲᠡᠶ ᠶᠠᠪᠤᠭᠳᠠᠵᠤ᠂ ᠪᠥᠬᠦ ᠠᠶᠢᠮᠠᠭ ᠤᠨ ᠬᠦᠴᠦᠨ ᠢ ᠳᠠᠶᠢᠴᠢᠯᠠᠨ ᠰᠢᠨ᠎ᠡ | ᠡᠨᠧᠷᠭᠢ ᠶᠢᠨ ᠥᠨᠳᠥᠷ ᠲᠦᠪᠰᠢᠨ ᠤ ᠲᠥᠯᠥᠪᠵᠢᠭᠦᠯᠭᠡ᠂ ᠶᠡᠭᠡ ᠬᠡᠪᠴᠢᠶᠡᠨ ᠤ ᠨᠡᠭᠡᠭᠡᠯᠲᠡ᠂ ᠥᠨᠳᠥᠷ ᠬᠠᠷᠢᠴᠠᠯ ᠤᠨ | ᠠᠰᠢᠭᠯᠠᠯᠲᠠ᠂ ᠪᠥᠬᠦ ᠲᠠᠯᠠᠪᠠᠶ ᠶᠢᠨ ᠬᠡᠷᠡᠭᠯᠡᠯᠲᠡ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠵᠢᠯ ᠪᠦᠷᠢ ︽ | ᠳᠠᠬᠢᠨ ᠢᠶᠠᠷ ᠨᠡᠮᠡᠭᠳᠡᠬᠦ︾ ᠬᠤᠷᠳᠤᠴᠠ ᠲᠠᠢ ᠪᠠᠶᠢᠵᠦ᠂ ᠰᠢᠨ᠎ᠡ ᠡᠨᠧᠷᠭᠢ ᠶᠢᠨ ᠠᠵᠤ ᠦᠢᠯᠡᠰ ᠶᠠᠭ ᠣᠷᠬᠢᠯᠣᠭᠤᠨ | ᠬᠦᠭᠵᠢᠬᠦ ᠰᠢᠨ᠎ᠡ ᠱᠠᠲᠤᠨ ᠳᠤ ᠣᠷᠣᠵᠤ᠂ ᠡᠨᠡ ᠦᠶ᠎ᠡ ᠳᠤ ︽ᠭᠠᠷ ᠬᠤᠯᠪᠣᠨ ᠬᠠᠮᠲᠤᠷᠠᠯᠴᠠᠵᠤ᠂ ᠡᠷᠳᠡᠮ | ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ︾ ᠨᠢ ᠶᠠᠭ ᠴᠠᠭ ᠲᠠᠭᠠᠨ ᠳᠣᠭᠢᠷᠬᠠᠰᠠᠨ ᠪᠠᠶᠢᠨ᠎ᠠ ᠭᠡᠪᠡ᠃ | ᠬᠤᠸᠠᠩ ᠶᠠ ᠯᠢ᠂ ᠣᠳᠣᠬᠠᠨ ᠳᠤ᠂ ᠠᠯᠠᠱᠠ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠶᠡᠭᠡ | ᠰᠠᠭᠤᠷᠢᠨ︾ ᠢ ᠪᠦᠳᠦᠭᠡᠨ ᠪᠠᠶᠢᠭᠤᠯᠬᠤ᠂ ︽ᠶᠡᠭᠡ ᠬᠥᠭᠵᠢᠯᠲᠡ︾ ᠶᠢ ᠪᠡᠶᠡᠯᠡᠭᠦᠯᠬᠦ ᠰᠡᠳᠬᠢᠮᠵᠢ ᠶᠢᠨ ᠪᠠᠶᠢᠷᠢ | ᠲᠣᠭᠲᠠᠭᠠᠯᠲᠠ ᠶᠢ ᠲᠣᠭᠲᠠᠭᠠᠪᠠ᠂ ︽ᠶᠡᠭᠡ ᠰᠠᠭᠤᠷᠢᠨ︾ ᠨᠢ ᠶᠡᠭᠡ ᠪᠡᠯᠡ ᠣᠷᠣᠭᠤᠯᠤᠯᠲᠠ᠂ ᠶᠡᠭᠡ ᠲᠦᠷᠦᠯ ᠵᠦᠢᠯ᠂ | ᠶᠡᠭᠡ ᠵᠠᠬ᠎ᠠ ᠳᠡᠯᠭᠡᠭᠦᠷ ᠢ ᠠᠭᠤᠯᠵᠦ᠂ ︽ᠶᠡᠭᠡ ᠬᠥᠭᠵᠢᠯᠲᠡ︾ ᠳᠤ ᠯᠠᠪᠲᠠᠢ ᠶᠡᠭᠡ ᠠᠵᠠ ᠲᠣᠬᠢᠶᠠᠯ᠂ ᠶᠡᠭᠡ ᠣᠷᠣᠨ | ᠵᠠᠢ᠂ ᠶᠡᠭᠡ ᠢᠷᠡᠭᠡᠳᠦᠢ ᠠᠭᠤᠯᠤᠭᠳᠠᠵᠤ ᠪᠠᠶᠢᠨ᠎ᠠ᠃ ᠡᠯ᠎ᠡ ᠲᠠᠯ᠎ᠠ ᠶᠢᠨ ᠡᠷᠳᠡᠮᠲᠡᠨ ᠮᠡᠷᠭᠡᠳ᠂ ᠡᠯ᠎ᠡ ᠡᠲᠡᠭᠡᠳ ᠤᠨ | ᠬᠦᠰᠡᠯ ᠵᠣᠷᠢᠯᠲᠠ ᠲᠠᠢ ᠠᠵᠤ ᠠᠬᠤᠶᠢᠯᠠᠯ ᠪᠢᠳᠡᠨ ᠲᠠᠢ ᠬᠠᠮᠲᠤ ᠪᠠᠷ ᠴᠡᠪᠡᠷ ᠡᠨᠧᠷᠬᠢ ᠶᠢᠨ ᠰᠢᠨ᠎ᠡ ᠤᠷᠤᠯᠳᠤᠭᠠᠨ ᠤ | ᠵᠠᠮ ᠢ ᠡᠷᠢᠯᠬᠢᠯᠡᠵᠦ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠰᠢᠨ᠎ᠡ ᠠᠶᠠᠨ ᠢ ᠵᠣᠷᠢᠬᠤ ᠪᠣᠯᠣᠨ᠎ᠠ᠃ | ᠠᠯᠠᠱᠠ ᠶᠢᠨ ᠬᠢᠨ ᠠᠮᠠᠯᠳᠠᠭᠰᠠᠨ ᠢᠶᠠᠨ ᠵᠠᠪᠠᠯ ᠪᠡᠶᠡᠯᠡᠭᠦᠯᠵᠦ᠂ ᠠᠮᠠᠯᠳᠠᠭᠰᠠᠨ ᠢᠶᠠᠨ ᠵᠠᠪᠠᠯ ᠦᠢᠯᠡᠳᠦᠯᠭᠡᠵᠢᠭᠦᠯᠵᠦ᠂ | ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ | ᠥᠷᠭᠡᠨ ᠤᠯᠠᠨ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠵᠦ᠂ ᠠᠵᠤ | ᠠᠬᠤᠶᠢᠯᠠᠯᠲᠠᠳ ᠤᠨ ᠠᠤᠭ᠎ᠠ ᠦᠢᠯᠡᠰ ᠪᠦᠲᠦᠭᠡᠬᠦ ᠶᠢ ᠳᠡᠮᠵᠢᠨ᠎ᠡ ᠬᠡᠪᠡ᠃ | | | | | | | | | | | | | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ ᠳᠤᠮᠳᠠᠳᠤ ᠣᠯᠣᠰ ᠤᠨ | ᠭᠤᠸᠠᠩᠵᠧᠦ ᠶᠢᠨ ᠴᠥᠮ᠎ᠡ ᠶᠢᠨ ᠰᠢᠨ᠎ᠡ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ᠂ | ᠵᠦᠵᠢᠶᠠᠩ ᠤᠨ ᠪᠠᠯᠠ ᠣᠷᠣᠭᠤᠯᠤᠯᠲᠠ ᠶᠢᠨ ᠪᠣᠭᠤᠮᠲᠠ ᠵᠢᠴᠢ ᠨᠥᠭᠡᠴᠡᠯᠡᠨ ᠲᠣᠬᠢᠷᠠᠭᠤᠯᠬᠤ ᠰᠠᠭᠤᠷᠢᠨ ᠭᠠᠵᠠᠷ᠂ | ᠷᠦᠩ ᠳ᠋ᠢᠶᠠᠨ ᠴᠠᠬᠢᠯᠭᠠᠨ ᠬᠦᠴᠦᠨ ᠤ ᠬᠡᠷᠡᠯ ᠴᠡᠨᠡᠭ ᠤᠨ ᠰᠢᠨ᠎ᠡ ᠡᠨᠧᠷᠭᠢ ᠶᠢ ᠢᠵᠢ ᠪᠦᠷᠢᠳᠦᠭᠦᠯᠬᠦ ᠳᠡᠭᠡᠳᠦ | ᠲᠠᠰ ᠤᠨ ᠲᠣᠨᠣᠭᠯᠠᠯ ᠦᠢᠯᠡᠳᠬᠦ ᠵᠡᠷᠭᠡ 10 ᠬᠠᠮᠲᠤᠷᠠᠯᠴᠠᠭᠠᠨ ᠤ ᠲᠥᠷᠥᠯ ᠵᠦᠢᠯ ᠳᠤ ᠭᠠᠷ ᠤᠨ ᠥᠰᠥᠭ ᠵᠢᠷᠤᠵᠤ | ᠂ ᠶᠡᠷᠦᠩᠬᠡᠶ ᠪᠠᠯᠠ ᠣᠷᠣᠭᠤᠯᠤᠯᠲᠠ ᠨᠢ 170 ᠳ᠋ᠦᠩᠰᠢᠭᠤᠷ ᠲᠥᠭᠦᠷᠢᠭ ᠲᠤ ᠬᠦᠷᠴᠡᠶ᠃ | ᠯᠢᠦ ᡁᠢ ᠴᠢᠶᠠᠩ᠂ ᠸᠧᠢ ᡁᠢ ᠭᠦᠸᠧ᠂ ᠸᠠᠩ ᠯᠢ ᠵᠢᠶᠦ᠋ᠨ ᠣᠷᠣᠯᠴᠠᠪᠠ᠃ |