2 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ | ᠬᠤᠸᠠᠩ ᠶᠠ ᠯᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠪᠣᠯᠤᠨ ᠥᠪᠥᠷ ᠮᠣᠩᠭᠤᠯ ᠤᠨ | ᠡᠨᠧᠷᠭᠢ ᠶᠢᠨ ᠪᠦᠯᠦᠭᠯᠡᠯ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠢ ᠰᠤᠷᠪᠤᠯᠵᠢᠯᠠᠵᠤ᠂ | ᠨᠡᠪᠲᠡᠷᠡᠯᠴᠡᠨ ᠠᠵᠢᠯ ᠢᠶᠠᠨ ᠵᠣᠯᠭᠠᠭᠤᠯᠵᠦ᠂ ᠬᠠᠮᠲᠤᠷᠠᠯᠴᠠᠭᠠᠨ ᠤ ᠶᠠᠪᠤᠳᠠᠯ ᠢ ᠵᠥᠪᠳᠡᠨ ᠶᠠᠷᠢᠯᠴᠠᠵᠤ᠂ ᠢᠳᠡᠪᠬᠢᠲᠡᠶ | ᠳᠡᠮᠵᠢᠯᠭᠡ ᠤᠯᠬᠤ ᠪᠠᠷ ᠴᠢᠷᠮᠠᠶᠢᠪᠠ᠃ | ᠬᠤᠸᠠᠩ ᠶᠠ ᠯᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶᠠᠨ ᠤ | ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠲᠠᠢ ᠶᠠᠷᠢᠯᠴᠠᠵᠤ ᠰᠠᠨᠠᠯ ᠢᠶᠠᠨ | ᠰᠣᠯᠢᠯᠴᠠᠵᠤ᠂ ᠲᠡᠳᠡᠨ ᠤ ᠤᠷᠳᠤ ᠬᠤᠭᠤᠴᠠᠭᠠᠨ ᠤ ᠲᠤᠷᠰᠢ ᠠᠯᠠᠱᠠ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ | ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠯᠠᠱᠠ ᠶᠢᠨ ᠡᠨᠧᠷᠭᠢ ᠶᠢᠨ ᠬᠡᠯᠪᠡᠷᠢ ᠶᠢ ᠬᠤᠪᠢᠷᠠᠭᠤᠯᠤᠭᠰᠠᠨ ᠪᠠ | ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠠᠯᠠᠱᠠ ᠰᠠᠯᠬᠢ | ᠂ ᠬᠡᠷᠡᠯ᠂ ᠭᠠᠵᠠᠷ ᠤᠨ ᠡᠬᠢ ᠪᠠᠶᠠᠯᠢᠭ ᠡᠯᠪᠡᠭ ᠪᠠᠶᠢᠵᠤ᠂ ᠬᠦᠴᠦ ᠪᠠᠨ ᠲᠥᠪᠯᠡᠷᠡᠭᠦᠯᠦᠨ ᠪᠥᠬᠦ ᠤᠯᠤᠰ ᠤᠨ | ᠳ᠋ᠦᠩᠰᠢᠭᠤᠷ ᠺᠢᠯᠣᠸᠠᠲ ᠤᠨ ᠰᠢᠨ᠎ᠡ ᠡᠨᠧᠷᠭᠢ ᠶᠢᠨ ᠴᠢᠬᠤᠯᠠ ᠲᠣᠮᠣ ᠰᠠᠭᠤᠷᠢᠨ ᠪᠠ ᠤᠯᠤᠰ ᠤᠨ ᠲᠠᠰ ᠤᠨ ᠰᠢᠨ᠎ᠡ | ᠡᠨᠧᠷᠭᠢ ᠶᠢ ᠰᠢᠩᠭᠡᠭᠡᠨ ᠠᠪᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ ᠪᠠᠶᠢᠨ᠎ᠠ᠂ ᠥᠪᠡᠷᠲᠡᠭᠡᠨ | ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠨᠡᠪᠲᠡᠷᠡᠬᠦ | ᠵᠠᠮ ᠤᠨ ᠪᠠᠶᠢᠷᠢᠰᠢᠭᠤᠯᠤᠯᠲᠠ᠂ ᠴᠠᠬᠢᠯᠭᠠᠨ ᠲᠣᠤᠷ ᠤᠨ ᠪᠦᠲᠦᠴᠡ᠂ ᠬᠡᠷᠡᠯ ᠴᠡᠨᠡᠭ ᠤᠨ ᠳᠣᠬᠢᠷᠠᠭᠤᠯᠣᠯᠳᠠ ᠵᠡᠷᠭᠡ | ᠲᠠᠯ᠎ᠠ ᠪᠠᠷ ᠦᠷᠭᠦᠯᠵᠢᠯᠡᠨ ᠳᠡᠮᠵᠢᠯᠭᠡ ᠪᠠ ᠬᠠᠷᠠᠭᠠᠯᠵᠠᠯ ᠦᠵᠡᠭᠦᠯᠵᠦ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠼᠤᠤ ᠰᠧ ᠶᠠᠩ ᠳᠡᠮᠵᠢᠯᠭᠡ ᠦᠵᠡᠭᠦᠯᠬᠦ ᠪᠠᠷ ᠳᠡᠪᠰᠢᠭᠦᠯᠦᠭᠰᠡᠨ | ᠵᠦᠢᠯᠡᠰ ᠲᠤ ᠢᠳᠡᠪᠬᠢᠲᠡᠢ ᠬᠠᠷᠢᠭᠤᠯᠲᠠ ᠥᠭᠴᠦ᠂ ᠤᠯᠤᠯᠴᠠᠭ᠎ᠠ ᠵᠢᠯᠤᠭᠤᠳᠤᠯᠭ᠎ᠠ᠂ ᠵᠣᠬᠢᠴᠠᠭᠤᠯᠭ᠎ᠠ | ᠵᠣᠯᠭᠠᠯᠴᠠᠭ᠎ᠠ ᠪᠠᠨ ᠴᠢᠩᠭᠠᠳᠬᠠᠵᠤ᠂ ᠠᠯᠠᠱᠠ ᠶᠢᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠬᠦᠭᠵᠢᠬᠦ | ᠴᠢᠳᠠᠪᠤᠷᠢ ᠪᠠᠨ ᠳᠡᠭᠡᠭᠰᠢᠯᠡᠭᠦᠯᠬᠦ ᠳᠤᠨᠢ ᠬᠦᠴᠦᠨ ᠨᠡᠮᠡᠷᠢᠯᠡᠨ᠎ᠡ ᠭᠡᠪᠡ᠃ | ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠪᠣᠯᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ | ᠪᠦᠯᠦᠭᠯᠡᠯ ᠳᠤ᠂ ᠬᠤᠸᠠᠩ ᠶᠠ ᠯᠢ ᠲᠤᠰ ᠲᠤᠰ ᠬᠤᠶᠠᠷ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠳᠠᠷᠤᠭ᠎ᠠ | ᠶᠠᠨ ᠬᠤᠩ ᠭᠤᠸᠠᠩ᠂ ᠵᠠᠩ ᠬᠠᠢ ᠹᠧᠩ ᠲᠠᠢ ᠶᠠᠷᠢᠯᠴᠠᠵᠤ᠂ ᠠᠵᠤ ᠠᠬᠤᠶᠢᠯᠠᠯ ᠤᠨ ᠤᠯᠠᠨ ᠵᠢᠯ ᠤᠨ ᠲᠤᠷᠰᠢ | ᠠᠯᠠᠱᠠ ᠶᠢᠨ ᠬᠥᠭᠵᠢᠯᠲᠡ ᠳᠤ ᠦᠵᠡᠭᠦᠯᠦᠭᠰᠡᠨ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ᠂ ᠠᠵᠤ | ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠩ ᠤᠯᠠᠨ ᠬᠦᠴᠦᠨ | ᠴᠢᠳᠠᠯ ᠪᠣᠯᠤᠨ ᠡᠬᠢ ᠪᠠᠶᠠᠯᠢᠭ ᠣᠷᠣᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠴᠠᠬᠢᠯᠭᠠᠨ ᠬᠦᠴᠦᠨ ᠤ ᠲᠤᠯᠭᠠᠭᠤᠷᠢᠯᠠᠯ | ᠵᠡᠷᠭᠡ ᠲᠠᠯ᠎ᠠ ᠪᠠᠷ ᠠᠯᠠᠱᠠ ᠳᠤ ᠬᠦᠴᠦᠨ ᠨᠡᠮᠡᠷᠢᠯᠡᠬᠦ ᠶᠢ ᠬᠦᠰᠡᠪᠡ᠃ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠣᠷᠣᠨ ᠨᠤᠲᠤᠭ ᠪᠠ ᠠᠵᠤ ᠠᠬᠤᠶᠢᠯᠠᠯ ᠤᠨ ᠤᠯᠤᠯᠴᠠᠭ᠎ᠠ ᠵᠣᠯᠭᠠᠯᠴᠠᠭ᠎ᠠ ᠶᠢ ᠦᠷᠭᠦᠯᠵᠢᠯᠡᠨ | ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠪᠠ | ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠨᠡᠩ ᠲᠦᠷᠭᠡᠨ ᠨᠡᠩ | ᠰᠠᠶᠢᠨ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠡᠭᠡᠪᠡ᠃ | ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠪᠦᠦ ᠶᠧ ᠣᠷᠣᠯᠴᠠᠵᠠᠶ᠃ | |