2 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠡᠩ ᠤᠨ | ᠨᠠᠮ ᠤᠨ ᠭᠡᠰᠢᠭᠦᠨ ᠤ ᠬᠤᠪᠢ ᠪᠠᠷ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠨᠢᠭᠡᠳᠦᠭᠡᠷ ᠨᠠᠮ ᠤᠨ | ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠨᠠᠮ ᠤᠨ ᠡᠯ᠎ᠡ ᠳᠤᠭᠤᠶᠢᠯᠠᠩ ᠤᠨ ᠳᠠᠷᠤᠭ᠎ᠠ ᠨᠠᠷ ᠨᠠᠮ ᠤᠨ ᠭᠡᠰᠢᠭᠦᠨ ᠤ ᠠᠰᠠᠭᠤᠳᠠᠯ ᠢ | ᠪᠠᠶᠢᠴᠠᠭᠠᠨ ᠦᠵᠡᠭᠰᠡᠨ ᠪᠠ ᠬᠠᠷᠢᠯᠴᠠᠨ ᠰᠢᠭᠦᠮᠵᠢᠯᠡᠯ ᠬᠢᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠨᠠᠮ ᠤᠨ | ᠡᠭᠦᠷ ᠤᠨ ᠬᠠᠷᠢᠭᠤᠴᠠᠯᠭᠠᠲᠠᠨ ᠨᠠᠮ ᠤᠨ ᠡᠭᠦᠷ ᠤᠨ ᠵᠦᠪᠯᠡᠯ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ | ᠬᠤᠸᠠᠩ ᠶᠠ ᠯᠢ ᠲᠤᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠦᠷ᠎ᠡ | ᠪᠦᠲᠦᠮᠵᠢ ᠶᠢ ᠭᠦᠢᠴᠡᠳ ᠨᠤᠲᠠᠯᠠᠵᠤ᠂ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠨᠢᠭᠡ ᠵᠢᠯ ᠤᠨ | ᠲᠤᠷᠰᠢᠬᠢ ᠠᠵᠢᠯ ᠢ ᠭᠦᠢᠴᠡᠳ ᠨᠣᠳᠠᠯᠠᠵᠦ᠂ ᠤᠯᠠᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠶᠡᠷᠦᠩᠬᠡᠢ ᠱᠦᠵᠢ | ᠰᠢ ᠶᠢᠨ ᠫᠢᠩ ᠤᠨ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠦᠢᠯᠡᠳᠦᠯᠭᠡᠵᠢᠭᠦᠯᠵᠦ᠂ ︽ᠭᠤᠷᠪᠠ ᠳᠤ ᠦᠢᠯᠡᠴᠢᠯᠡᠬᠦ︾ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ ᠭᠡᠵᠦ ᠵᠣᠷᠢᠭᠵᠢᠭᠤᠯᠪᠠ᠃ ᠲᠡᠷᠡ᠂ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠬᠡᠷ ᠤᠨ ᠪᠠᠶᠢᠷᠢ ᠰᠠᠭᠤᠷᠢ | ᠣᠨᠴᠠᠭᠠᠶ᠂ ᠡᠭᠦᠷᠭᠡ ᠬᠠᠷᠢᠭᠤᠴᠠᠯᠭ᠎ᠠ ᠴᠢᠬᠤᠯᠠ᠂ ᠤᠯᠤᠰ ᠲᠥᠷᠥ ᠶᠢ ᠡᠷᠬᠢᠮᠯᠡᠬᠦ ᠶᠢ ᠲᠡᠷᠢᠭᠦᠨ ᠪᠠᠶᠢᠷᠢᠨ ᠳᠤ | ᠲᠠᠯᠪᠢᠵᠤ᠂ ︽ᠤᠯᠤᠰ ᠲᠥᠷᠥ ᠶᠢᠨ ᠭᠤᠷᠪᠠᠨ ᠴᠢᠳᠠᠪᠣᠷᠢ︾ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠶᠢ ᠪᠢᠴᠢᠭ ᠮᠠᠲ᠋ᠧᠷᠢᠶᠠᠯ ᠪᠢᠴᠢᠬᠦ᠂ ᠬᠤᠷᠠᠯ ᠡᠷᠭᠢᠯᠡᠬᠦ᠂ ᠠᠵᠢᠯ | ᠶᠠᠪᠤᠳᠠᠯ ᠬᠦᠢᠴᠡᠳᠬᠡᠬᠦ ᠡᠯ᠎ᠡ ᠭᠤᠭᠴᠤᠭ᠎ᠠ ᠳᠤ ᠢᠯᠡᠷᠡᠭᠦᠯᠬᠦ ᠬᠡᠷᠡᠭᠲᠡᠶ᠃ ᠰᠠᠶᠢᠨ ᠵᠥᠪᠯᠡᠭᠴᠢ ᠪᠣᠯᠵᠤ᠂ ᠰᠢᠷᠭᠠᠭᠤ | ᠰᠤᠷᠤᠯᠴᠠᠵᠤ᠂ ᠪᠠᠶᠢᠩᠭᠤ ᠣᠶᠢᠯᠠᠭᠠᠵᠤ᠂ ᠰᠢᠷᠭᠠᠭᠤ ᠪᠣᠯᠪᠠᠰᠤᠷᠠᠵᠤ᠂ ᠶᠡᠭᠡ ᠬᠠᠨᠳᠤᠰᠢ ᠶᠢ ᠠᠵᠢᠭᠯᠠᠵᠤ᠂ ᠶᠡᠭᠡ | ᠲᠠᠯ᠎ᠠ ᠶᠢ ᠪᠣᠳᠣᠯᠬᠢᠯᠠᠵᠤ᠂ ᠠᠰᠠᠭᠤᠳᠠᠯ ᠢ ᠢᠯᠡᠷᠡᠭᠦᠯᠬᠦ᠂ ᠵᠠᠳᠠᠯᠬᠤ ᠪᠠ ᠰᠢᠢᠳᠪᠦᠷᠢᠯᠡᠬᠦ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠤᠷᠲᠠᠯ ᠢ ᠥᠭᠡᠷᠡᠴᠢᠯᠡᠬᠦ ᠶᠢ | ᠴᠥᠬᠦᠷᠡᠰᠢ ᠦᠭᠡᠢ ᠪᠠᠷᠢᠮᠲᠠᠯᠠᠵᠤ᠂ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠠᠶᠢᠵᠠᠮ ᠢᠶᠠᠨ ᠲᠦᠷᠭᠡᠳᠬᠡᠵᠦ᠂ | ᠠᠶᠢᠮᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠢ ᠶᠠᠪᠤᠭᠳᠠᠬᠤ ᠶᠢ | ᠪᠠᠲᠤᠯᠠᠬᠤ ᠬᠡᠷᠡᠭᠲᠡᠢ᠃ ᠰᠠᠶᠢᠨ ᠲᠦᠷᠢ ᠲᠥᠷᠬᠦ ᠶᠢ ᠪᠤᠢ ᠪᠣᠯᠭᠠᠵᠤ᠂ ᠠᠷᠠᠳ ᠲᠦᠮᠡᠨ ᠤ ᠳᠣᠬᠠᠢ ᠬᠠᠶᠢᠷ᠎ᠠ | ᠰᠡᠳᠬᠢᠯᠭᠡ ᠪᠣᠯᠤᠨ ᠳᠡᠳᠡᠨ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠡᠯ᠎ᠡ | ᠨᠢᠬᠡᠴᠡ ᠳᠤ ᠭᠡᠪ ᠳᠠᠭᠤᠷᠢᠶᠠᠯ ᠪᠣᠯᠵᠦ ᠳᠡᠳᠡᠨ ᠢ ᠳᠠᠶᠢᠴᠢᠯᠠᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ | ᠰᠠᠬᠢᠵᠦ ᠠᠵᠢᠯ ᠬᠢᠵᠦ ᠦᠢᠯᠡᠰ ᠪᠣᠰᠬᠠᠵᠦ᠂ ᠣᠨᠴᠠ ᠡᠷᠬᠡ ᠶᠢᠨ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠨᠡᠩ | ᠥᠨᠳᠥᠷ ᠲᠦᠪᠰᠢᠨ᠂ ᠨᠡᠩ ᠶᠡᠭᠡ ᠬᠠᠶᠢᠷ᠎ᠠ ᠰᠡᠳᠬᠢᠯᠭᠡ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ | ᠭᠡᠪᠡ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ ᠣᠷᠣᠯᠴᠠᠵᠠᠶ᠃ | | |