ᠤᠢᠢᠷ᠎ᠠ ᠶᠢᠨ ᠡᠳᠦᠷ ᠤᠳ ᠲᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ | ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠳᠠᠮᠵᠢᠭᠤᠯᠤᠭᠰᠠᠨ ᠰᠢᠨ᠎ᠡ ᠮᠡᠳᠡᠭᠡ ᠵᠠᠩᠭᠢ᠂ | ᠲᠥᠯᠥᠪᠵᠢᠭᠦᠯᠦᠭᠰᠡᠨ ᠰᠢᠨ᠎ᠡ ᠰᠡᠳᠬᠢᠴᠡ ᠨᠢ ᠠᠯᠠᠱᠠ ᠠᠶᠢᠮᠠᠭ ᠤᠨ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠤᠨ ᠰᠢᠨ᠎ᠡ ᠨᠢᠭᠡ ᠵᠢᠯ ᠳᠤ ᠡᠷᠡᠮᠡᠬᠡᠶᠢᠯᠡᠨ ᠣᠷᠣᠭᠰᠢᠯᠠᠬᠤ ᠢᠲᠡᠭᠡᠯ ᠵᠣᠷᠢᠭ ᠢ ᠬᠥᠭᠵᠢᠭᠡᠪᠡ᠃ | ᠣᠯᠠᠨ ᠢᠶᠠᠷ ᠢᠶᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠷᠠᠯ ᠤᠨ ᠵᠣᠷᠢᠭ ᠰᠠᠨᠠᠭ᠎ᠠ ᠳᠡᠭᠡᠷ᠎ᠡ | ᠨᠢᠭᠡᠳᠬᠡᠵᠦ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ | ᠠᠯᠬᠤᠮ ᠴᠢᠩᠭᠠᠳᠬᠠᠵᠤ᠂ ᠬᠤᠷᠠᠯ ᠤᠨ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠡᠷᠡᠰ | ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ | ᠪᠠᠲᠤᠲᠠᠶ ᠠᠬᠢᠭᠤᠯᠤᠨ᠎ᠠ ᠭᠡᠵᠦ ᠢᠯᠡᠳᠬᠡᠵᠡᠭᠡᠪᠡ᠃ | ᠬᠤᠷᠠᠯ ᠠᠴᠠ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠠᠶᠢᠯᠢ ᠲᠠᠲᠠᠪᠤᠷᠢ ᠶᠢ ᠲᠤᠯᠭᠠᠨ ᠰᠠᠭᠤᠯᠭᠠᠬᠤ᠂ ᠠᠰᠢᠭ | ᠣᠯᠵᠠᠪᠤᠷᠢ ᠶᠢ ᠪᠤᠴᠠᠭᠠᠬᠤ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠪᠣᠯᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠢᠯ ᠲᠦᠷᠦᠯ ᠤᠨ ᠲᠠᠭᠠᠭᠤᠯᠤᠭᠴᠢ᠂ ᠨᠡᠷᠡᠳᠦ | ᠲᠤᠰᠬᠠᠢ ᠮᠡᠷᠭᠡᠵᠢᠯᠲᠡᠨ ᠵᠢᠴᠢ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠶᠢ ᠳᠡᠮᠵᠢᠵᠦ᠂ ᠲᠠᠭᠠᠭᠤᠯᠤᠭᠴᠢ ᠠᠵᠤ | ᠠᠬᠤᠶᠢᠯᠠᠯ ᠢᠶᠠᠷ ᠲᠦᠷᠦᠭᠦᠯᠡᠭᠦᠯᠦᠭᠰᠡᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ | ᠬᠤᠯᠪᠣᠭᠠᠲᠤ ᠴᠣᠭᠴᠠ ᠶᠢ ᠲᠦᠷᠭᠡᠨ ᠪᠠᠶᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠪᠣᠭᠤᠮᠲᠠ ᠰᠢᠪᠲᠤᠯᠬᠤ ᠠᠵᠢᠯ ᠢ ᠶᠡᠭᠡ ᠪᠠᠷ ᠥᠷᠨᠢᠭᠦᠯᠵᠦ᠂ ᠨᠡᠩ ᠤᠯᠠᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ | ᠠᠬᠢᠭᠤᠯᠬᠤ ᠬᠡᠷᠡᠭᠲᠡᠢ ᠭᠡᠵᠦ ᠳᠤᠷᠠᠳᠪᠠ᠃ | ᠠᠯᠠᠱᠠ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠳᠡᠭᠡᠳᠦ ᠵᠡᠷᠭᠡ ᠶᠢᠨ | ᠢᠨᠵᠧᠨᠧᠷ ᠸᠠᠩ ᠸᠧᠨ ᠱᠦ᠄ ︽ᠣᠶ ᠰᠢᠭᠤᠶ ᠨᠣᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠨ ᠪᠣᠯᠤᠭᠰᠠᠨ ᠤ ᠬᠤᠪᠢ ᠳᠤ᠂ ᠬᠤᠷᠠᠯ ᠳᠤ ᠳᠤᠷᠠᠳᠤᠭᠰᠠᠨ ᠨᠠᠩ ᠶᠡᠭᠡ ᠡᠷᠴᠢᠮ᠂ ᠨᠠᠩ ᠣᠯᠠᠨ ᠪᠣᠳᠠᠲᠠᠶ | ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠮᠠᠨ ᠤ | ᠤᠯᠤᠰ ᠤᠨ ᠣᠶ ᠰᠢᠭᠤᠶ ᠨᠣᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠷᠡᠭᠡᠳᠦᠶ ᠳᠤ ᠢᠲᠡᠭᠡᠯ | ᠲᠡᠭᠦᠯᠳᠡᠷ ᠪᠠᠶᠢᠬᠤ ᠶᠢ ᠣᠯᠵᠤ ᠬᠠᠷᠠᠪᠠ᠃ ᠪᠢ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠠᠵᠤ | ᠠᠬᠤᠶᠢᠯᠠᠯ ᠯᠤᠭ᠎ᠠ ᠭᠠᠷ ᠬᠤᠯᠪᠣᠯᠴᠠᠨ᠂ ᠡᠭᠦᠯᠳᠡᠷ ᠢ ᠰᠣᠩᠭᠤᠨ ᠪᠤᠶᠢᠵᠢᠭᠤᠯᠬᠤ᠂ ᠳᠠᠷᠢᠬᠤ ᠮᠡᠷᠭᠡᠵᠢᠯ ᠢ | ᠰᠢᠯᠢᠳᠡᠭᠵᠢᠭᠦᠯᠬᠦ᠂ ᠤᠨᠴᠠᠯᠢᠬᠳᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠵᠡᠷᠭᠡ ᠲᠠᠯ᠎ᠠ ᠪᠠᠷ ᠮᠡᠷᠭᠡᠵᠢᠯ ᠤᠨ | ᠪᠣᠭᠤᠮᠲᠠ ᠰᠢᠪᠲᠤᠯᠬᠤ ᠶᠢ ᠪᠥᠬᠦ ᠲᠠᠯ᠎ᠠ ᠪᠠᠷ ᠥᠷᠨᠢᠭᠦᠯᠵᠦ᠂ ᠮᠠᠨ ᠤ ᠠᠶᠢᠮᠠᠭ ᠤᠨ ᠠᠮᠢ ᠠᠬᠤᠶ ᠡᠯᠡᠰᠦᠨ ᠤ ᠠᠵᠤ | ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠪᠥᠬᠦ ᠬᠦᠴᠦᠨ | ᠴᠢᠳᠠᠯ ᠢᠶᠠᠨ ᠡᠷᠭᠦᠨ᠎ᠡ︾ ᠭᠡᠪᠡ᠃ | ᠬᠤᠷᠠᠯ ᠨᠢ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ᠂ | ᠠᠵᠤ ᠠᠬᠤᠶᠢᠯᠠᠯ ᠢ ᠰᠢᠨ᠎ᠡ ᠡᠨᠧᠷᠭᠢ ᠶᠢᠨ ᠬᠦᠷᠢᠶᠡᠨ ᠳᠤ ᠭᠦᠨᠵᠡᠭᠡᠢ ᠲᠠᠷᠢᠵᠤ ᠨᠢᠮᠪᠠᠢ ᠠᠷᠠᠴᠢᠯᠠᠬᠤ᠂ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠢᠲᠡᠭᠡᠯ ᠵᠣᠷᠢᠭ ᠢ ᠨᠡᠩ ᠪᠠᠲᠤᠳᠬᠠᠪᠠ᠃ ᠥᠪᠥᠷ ᠮᠣᠩᠭᠤᠯ ᠤᠨ ᠬᠤᠸᠠ | ᠳ᠋ᠢᠶᠠᠨ ᠲᠩᠷᠢ ᠴᠡᠪᠡᠷ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠪᠠᠶᠠᠨᠬᠤᠲᠠ ᠬᠡᠷᠡᠯ ᠴᠡᠨᠡᠭ ᠤᠨ ᠬᠤᠪᠢᠶᠠᠷᠢ | ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠦᠢᠴᠡᠳᠭᠡᠬᠦ ᠬᠡᠷᠡᠭ ᠮᠡᠳᠡᠭᠴᠢ ᠸᠠᠩ ᠵᠢᠶᠦ᠋ᠨ ᠬᠡᠯᠡᠪᠡ᠃ | ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ | ᠠᠬᠤᠶ ᠶᠢᠨ ᠠᠵᠢᠯ ᠤᠨ ᠬᠤᠷᠠᠯ ᠠᠴᠠ᠂ ᠤᠯᠤᠰ ᠤᠨ ᠨᠢᠭᠡᠳᠦᠯᠲᠡᠶ ᠳᠦᠯᠦᠪᠯᠡᠭᠰᠡᠨ ᠲᠤᠬᠠᠶ ᠶᠢᠨ ᠭᠠᠵᠠᠷ ᠲᠤᠨᠢ | ᠰᠢᠩᠭᠡᠭᠡᠬᠦ ᠪᠠ ᠭᠠᠳᠠᠭᠰᠢ ᠬᠦᠷᠭᠡᠬᠦ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠶᠢ ᠴᠢᠩᠭ᠎ᠠ ᠠᠩᠬᠠᠷᠴᠤ᠂ ᠬᠥᠲᠥᠴᠢ ᠠᠵᠤ ᠦᠢᠯᠡᠰ ᠤᠨ ᠰᠢᠰᠲ᠋ᠧᠮ ᠢ ᠪᠦᠷᠢᠨᠰᠢᠬᠦᠯᠬᠦ᠂ ᠠᠵᠤ | ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ᠂ ᠬᠠᠮᠲᠤᠷᠠᠯᠴᠠᠭ᠎ᠠ ᠶᠢᠨ ᠪᠠᠭᠲᠠᠭᠠᠨ ᠰᠢᠩᠭᠡᠭᠡᠬᠦ ᠶᠢ ᠠᠬᠢᠭᠤᠯᠬᠤ | ᠳᠡᠭᠡᠷ᠎ᠡ ᠬᠦᠴᠦ ᠲᠠᠯᠪᠢᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠠᠪᠠᠯᠳᠠᠳᠤ ᠬᠥᠭᠵᠢᠯᠲᠡ ᠶᠢ ᠠᠬᠢᠭᠤᠯᠵᠤ᠂ | ᠡᠨᠡ ᠵᠢᠯ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠬᠦ ᠪᠠᠷ | ᠴᠢᠷᠮᠠᠶᠢᠬᠤ ᠬᠡᠷᠡᠭᠲᠡᠶ᠃ ᠸᠠᠩ ᠵᠢᠶᠦ᠋ᠨ᠂ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠬᠡᠷᠡᠯ | ᠴᠡᠨᠡᠭ ᠤᠨ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠠᠮᠵᠢᠯᠲᠠ ᠲᠠᠢ ᠲᠤᠷᠰᠢᠯᠭ᠎ᠠ ᠪᠠᠷ | ᠪᠠᠲᠤ ᠲᠦᠰᠢᠭ ᠪᠣᠯᠭᠠᠵᠤ᠂ ᠰᠢᠨ᠎ᠡ ᠡᠨᠧᠷᠭᠢ ᠶᠢᠨ ᠬᠦᠷᠢᠶᠡᠨ ᠳᠠᠬᠢ ᠪᠠᠯᠠ ᠣᠷᠣᠭᠤᠯᠤᠯᠲᠠ ᠬᠢᠭᠡᠳ ᠨᠡᠭᠡᠭᠡᠨ | ᠬᠥᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥᠯ ᠵᠦᠢᠯ ᠤᠨ ᠡᠬᠢ ᠪᠠᠶᠠᠯᠢᠭ ᠢ ᠢᠳᠡᠪᠬᠢᠲᠡᠶ | ᠪᠥᠭᠡᠳ ᠰᠠᠨᠠᠭᠠᠴᠢᠯᠠᠭ᠎ᠠ ᠠᠴᠠ ᠪᠠᠨ ᠲᠡᠮᠡᠴᠡᠨ ᠣᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ | 120.5 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠨᠢᠭᠡ ᠴᠣᠭᠴᠠᠵᠢᠭᠰᠠᠨ | ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠲᠥᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ | ᠬᠠᠷᠠᠯᠲᠠ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ | ᠂ ᠯᠠᠪᠳᠠᠭᠤᠨ ᠪᠠᠲᠤᠲᠠᠶ ᠠᠬᠢᠭᠤᠯᠵᠤ᠂ ᠵᠠᠭᠠᠭ ᠱᠤᠭᠤᠮ ᠤᠨ ᠨᠥᠬᠦᠴᠡᠯ ᠢ ᠭᠦᠨᠵᠡᠭᠡᠶ ᠨᠠᠶᠢᠳᠠᠪᠤᠷᠢᠵᠢᠭᠤᠯᠵᠤ᠂ | ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢ ᠲᠦᠷᠭᠡᠳᠬᠡᠵᠦ᠂ ᠡᠷᠭᠢᠨ ᠲᠣᠭᠤᠷᠢᠨ ᠤ ᠤᠰᠤᠲᠥ᠋ᠷᠥᠭᠴᠢ | ᠬᠡᠷᠡᠭᠯᠡᠬᠦ ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ ᠢᠳᠡᠪᠬᠢᠲᠡᠢ ᠵᠣᠯᠭᠠᠭᠤᠯᠵᠤ᠂ ᠤᠰᠤᠲᠥ᠋ᠷᠥᠭᠴᠢ ᠬᠡᠢ ᠶᠢᠨ | ᠳᠣᠣᠷᠠᠳᠤ ᠬᠡᠯᠬᠢᠶᠡᠨ ᠤ ᠠᠵᠤ ᠦᠢᠯᠡᠰ ᠢ ᠴᠢᠷᠮᠠᠶᠢᠨ ᠥᠷᠭᠡᠳᠬᠡᠵᠦ᠂ ᠲᠥᠷᠥᠯ ᠵᠦᠢᠯ ᠤᠨ ᠤᠷᠤᠭᠰᠢᠲᠠᠶ ᠠᠵᠢᠯ | ᠡᠬᠢᠯᠡᠬᠦ ᠳᠤ ᠠᠰᠢᠭᠲᠠᠶ ᠨᠥᠬᠦᠴᠡᠯ ᠢ ᠪᠦᠷᠢᠯᠳᠦᠭᠦᠯᠵᠦ ᠥᠭᠭᠦᠨ᠎ᠡ ᠭᠡᠪᠡ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠢᠯᠡᠴᠢᠯᠡᠭᠡ ᠪᠠᠲᠤᠯᠠᠭ᠎ᠠ ᠶᠢᠨ | ᠬᠤᠶᠠᠷ ᠶᠡᠭᠡ ᠰᠠᠭᠤᠷᠢᠨ ᠭᠠᠵᠠᠷ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠶ ᠨᠠᠶᠢᠳᠠᠪᠤᠷᠢᠵᠢᠭᠤᠯᠵᠤ᠂ | ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠥᠷᠭᠡᠳᠬᠡᠬᠦ᠂ ᠴᠡᠷᠢᠭ ᠠᠷᠠᠳ ᠤᠨ ᠠᠭᠤᠰᠤᠯᠴᠠᠯ ᠢ | ᠭᠦᠨᠵᠡᠭᠡᠶᠢᠷᠡᠭᠦᠯᠬᠦ᠂ ᠪᠠᠲᠤᠯᠠᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ᠂ ᠨᠢᠭᠡ | ᠪᠦᠯᠦᠭ ᠨᠠᠩ ᠬᠠᠨᠳᠤᠯᠭᠠᠲᠤ ᠴᠢᠨᠠᠷᠲᠠᠶ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠴᠡᠷᠢᠭ ᠤᠨ ᠶᠠᠪᠤᠳᠠᠯ ᠤᠨ | ᠠᠵᠢᠯᠯᠠᠭ᠎ᠠ ᠶᠢᠨ ᠪᠠᠲᠤᠯᠠᠭ᠎ᠠ᠂ ᠴᠡᠷᠢᠭ ᠬᠥᠮᠦᠨ ᠴᠡᠷᠢᠭ ᠤᠨ ᠬᠡᠷ ᠪᠦᠯᠢ ᠶᠢ ᠲᠥᠪᠬᠢᠨᠡᠭᠦᠯᠬᠦ᠂ ᠨᠡᠶᠢᠭᠡᠮ ᠤᠨ ᠣᠯᠠᠨ | ᠨᠡᠶᠢᠲᠡ ᠶᠢᠨ ᠦᠢᠯᠡᠴᠢᠯᠡᠭᠡ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠪᠡ᠃ ᠡᠨᠡ ᠨᠢ ᠮᠠᠨ ᠤ ᠡᠨᠡ | ᠵᠢᠯ ᠤᠨ ᠠᠵᠢᠯ ᠳᠤ ᠵᠢᠷᠤᠮᠯᠠᠯ ᠬᠠᠩᠭᠠᠵᠠᠢ᠃ ᠠᠯᠠᠱᠠ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ | ᠬᠢᠯᠢ ᠶᠢᠨ ᠬᠠᠮᠠᠭᠠᠯᠠᠯᠲᠠ ᠶᠢ ᠵᠣᠬᠢᠴᠠᠭᠤᠯᠬᠤ ᠰᠠᠯᠠᠭᠠᠨ ᠤ ᠬᠠᠷᠢᠭᠤᠴᠠᠯᠭᠠᠲᠠᠨ ᠵᠠᠩ ᠯᠢᠩ ᠰᠢᠶᠠ᠂ ᠲᠦᠷᠦᠭᠦᠯᠡᠨ | ᠬᠢᠬᠦ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢᠨ ᠦᠢᠯᠡᠳᠦᠯ ᠢ ᠬᠦᠢᠴᠡᠳ ᠰᠠᠶᠢᠲᠤᠷ ᠪᠠᠳᠠᠷᠠᠭᠤᠯᠵᠤ᠂ ︽ᠤᠰᠤ | ᠴᠠᠬᠢᠯᠭᠠᠨ ᠵᠠᠮ ᠴᠢᠮᠡᠭᠡ ᠬᠤᠯᠪᠣᠭ᠎ᠠ︾ ᠵᠡᠷᠭᠡ ᠬᠢᠯᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ | ᠭᠤᠤᠯᠳᠠᠯᠭ᠎ᠠ ᠲᠠᠢ ᠡᠭᠦᠷᠭᠡ ᠲᠠᠢ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠵᠦ᠂ ᠵᠡᠷᠭᠡ ᠪᠠᠷ ᠠᠬᠢᠭᠤᠯᠤᠨ᠂ | ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠠᠵᠢᠯ ᠲᠥᠷᠥᠯ ᠤᠨ ᠪᠥᠲᠥᠭᠡᠨ ᠪᠠᠶᠢᠭᠤᠯᠤᠯᠲᠠ ᠶᠢᠨ | ᠲᠥᠯᠥᠪᠯᠡᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠶᠢᠯᠠᠯ | ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠰᠢᠨ᠎ᠡ ᠪᠠᠶᠢᠳᠠᠯ ᠢ | ᠭᠦᠨᠵᠡᠭᠡᠶᠢᠷᠡᠭᠦᠯᠦᠨ᠎ᠡ ᠭᠡᠪᠡ᠃ | ᠠᠯᠠᠱᠠ ᠠᠶᠢᠮᠠᠭ ᠤᠨ ᠤᠯᠠᠭᠠᠨᠮᠥ᠋ᠴᠢᠷ ᠤᠨ ᠳᠡᠳ᠋ ᠳᠠᠷᠤᠭ᠎ᠠ ᠳᠠᠸᠠ ᠰᠤᠷᠪᠤᠯᠵᠢᠯᠠᠭᠴᠢ ᠳᠤ᠄ ︽ᠬᠤᠷᠠᠯ ᠠᠴᠠ | ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠰᠠᠶᠢᠲᠤᠷ ᠪᠠᠶᠢᠭᠤᠯᠵᠤ᠂ ᠣᠷᠣᠨ ᠨᠤᠲᠤᠭ ᠤᠨ | ᠣᠨᠴᠠᠯᠢᠭ ᠲᠠᠢ᠂ ᠠᠯᠳᠠᠷᠲᠠᠢ ᠨᠡᠩ ᠣᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠤᠯᠠᠭᠠᠨᠮᠥ᠋ᠴᠢᠷ ᠢ ᠡᠷᠬᠢᠨ | ᠲᠣᠭᠤᠷᠢᠨ ᠤ ᠭᠠᠵᠠᠷ ᠣᠷᠣᠨ ᠪᠣᠯᠤᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠳᠤ ᠳᠡᠯᠭᠡᠨ ᠦᠵᠡᠭᠦᠯᠬᠦ ᠶᠢ | ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠡᠯᠧᠮᠧᠨ᠋ᠲ ᠢ ᠰᠣᠶᠣᠯ ᠵᠢᠭᠤᠯᠴᠢᠯᠠᠯ ᠤᠨ ᠪᠠᠶᠠᠷ ᠳᠤᠷᠠᠰᠬᠠᠯ ᠤᠨ | ᠠᠵᠢᠯᠯᠠᠭ᠎ᠠ ᠪᠣᠯᠤᠨ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠲᠠᠢ ᠢᠯᠡ ᠪᠥᠭᠡᠳ ᠪᠦᠲᠦᠮᠵᠢᠲᠡᠶ | ᠣᠶᠠᠯᠳᠣᠭᠤᠯᠬᠤ ᠶᠢ ᠠᠬᠢᠭᠤᠯᠬᠤ ᠬᠡᠷᠡᠭᠲᠡᠶ ᠭᠡᠪᠠ᠃ ᠡᠨᠡ ᠵᠢᠯ᠂ ᠪᠢᠳᠡ ᠤᠯᠠᠮᠵᠢᠯᠠᠬᠤ ᠠᠷᠭ᠎ᠠ ᠮᠠᠶ᠋ᠢᠭ ᠲᠤ ᠰᠢᠨ᠎ᠡ ᠶᠢ | ᠡᠭᠦᠳᠴᠦ᠂ ︿ᠤᠯᠠᠭᠠᠨᠮᠥ᠋ᠴᠢᠷ﹀ ᠤᠨ ᠬᠡᠯᠪᠡᠷᠢ ᠪᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ | ᠥᠷᠨᠢᠭᠦᠯᠵᠦ᠂ ᠤᠯᠠᠮᠵᠢᠯᠠᠯᠲᠤ ᠰᠣᠶᠣᠯ ᠢ ᠠᠭᠤᠳᠠᠯᠤᠨ᠂ ᠬᠤᠪᠢᠰᠬᠠᠯ ᠤᠨ ᠤᠳᠤᠮᠰᠢᠯ ᠢ ᠡᠭᠦᠷᠢᠳᠡ ᠬᠠᠳᠠᠭᠠᠯᠠᠵᠤ᠂ | ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠰᠣᠷᠳᠠᠯᠴᠢᠯᠠᠭᠰᠠᠨ ᠰᠠᠶᠢᠨ ᠪᠦᠲᠦᠭᠡᠯ ᠢ ᠵᠣᠬᠢᠶᠠᠨ | ᠪᠦᠲᠦᠭᠡᠨ᠎ᠡ᠃ ᠡᠭᠦᠨ ᠤ ᠬᠠᠮᠲᠤ᠂ ︿ᠵᠠᠬᠢᠶᠠᠯᠠᠭ᠎ᠠ ᠶᠢᠨ ᠬᠡᠯᠪᠡᠷᠢ﹀ ᠶᠢᠨ ᠨᠠᠷᠢᠯᠢᠭ ᠣᠨᠣᠪᠴᠢᠳᠠᠢ ᠦᠢᠯᠡᠴᠢᠯᠡᠭᠡ | ᠬᠠᠩᠭᠠᠵᠤ᠂ ᠡᠯ᠎ᠡ ᠭᠠᠵᠠᠷ ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠰᠣᠶᠣᠯ | ᠵᠢᠭᠤᠯᠴᠢᠯᠠᠯ ᠤᠨ ᠰᠠᠶᠢᠨ ᠤᠬᠠᠭᠤᠯᠤᠭᠴᠢ ᠪᠤᠯᠵᠤ᠂ ᠡᠭᠦᠷᠢᠳᠡ ᠲᠠᠯ᠎ᠠ ᠨᠤᠲᠤᠭ ᠤᠨ ︿ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ﹀ ᠪᠣᠯᠣᠨ᠎ᠠ︾ ᠭᠡᠪᠡ᠃ | ᠬᠤᠷᠠᠯ ᠠᠴᠠ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ | ᠠᠷᠠᠳ ᠤᠯᠠᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠵᠦ᠂ ᠤᠯᠠᠨ ᠲᠦᠮᠡᠨ ᠤ ᠰᠡᠳᠬᠢᠯ ᠳᠤ | ᠬᠠᠳᠠᠩᠰᠢᠭᠤᠯᠬᠤ ᠬᠡᠷᠡᠭᠲᠡᠢ ᠬᠡᠪᠡ᠃ ᠤᠢᠢᠷ᠎ᠠ ᠶᠢᠨ ᠵᠢᠯ ᠠᠴᠠ᠂ ᠠᠯᠠᠱᠠ ᠠᠶᠢᠮᠠᠭ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠢ ᠨᠡᠩ ᠰᠠᠶᠢᠲᠤᠷ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠬᠠᠯᠠᠭᠤᠨ | ᠳᠣᠲᠣᠨᠣ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠢᠭᠡᠳ | ᠨᠢᠭᠡ ᠪᠠᠷ ᠨᠠᠶᠢᠳᠠᠪᠤᠷᠢᠵᠢᠭᠤᠯᠤᠨ᠂ ᠠᠯᠠᠱᠠ ᠶᠢᠨ ᠠᠷᠠᠳ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢᠨ | ᠲᠠᠰᠤᠷᠠᠯᠳᠠ ᠦᠭᠡᠢ ᠳᠡᠭᠡᠭᠰᠢᠯᠡᠬᠦ ᠶᠢ ᠠᠬᠢᠭᠤᠯᠵᠤ ᠪᠠᠶᠢᠨ᠎ᠠ᠃ | ︽ᠢᠯᠡᠳᠬᠡᠯ ᠳᠠᠬᠢ ᠲᠤᠭ᠎ᠠ ᠪᠠᠷᠢᠮᠲᠠ ᠨᠢ ᠨᠠᠷᠢᠨ ᠪᠣᠳᠠᠲᠠᠶ᠂ ᠬᠥᠮᠦᠰ ᠤᠨ ᠰᠡᠳᠬᠢᠯ ᠢ ᠬᠥᠭᠵᠢᠭᠡᠵᠦ᠂ ᠥᠷᠭᠡᠨ | ᠣᠯᠠᠨ ᠲᠦᠮᠡᠨ ᠤ ᠨᠤᠲᠤᠭ ᠤᠰᠤᠨ ᠤ ᠪᠠᠨ ᠠᠵᠤ ᠠᠬᠤᠶ ᠶᠢᠨ ᠬᠥᠭᠵᠢᠯᠲᠡ ᠶᠢᠨ ᠴᠤᠭ ᠪᠠᠳᠠᠷᠠᠩᠭᠤᠶ | ᠠᠮᠢᠵᠢᠷᠠᠯ ᠤᠨ ᠬᠦᠴᠦᠨ ᠢ ᠣᠯᠵᠤ ᠬᠠᠷᠠᠭᠰᠠᠨ ᠪᠦᠭᠡᠳ ᠪᠠᠰᠠ ᠢᠷᠡᠭᠡᠳᠦᠶ ᠶᠢᠨ ᠰᠠᠶᠢᠨ ᠰᠠᠶᠢᠬᠠᠨ ᠠᠮᠢᠳᠤᠷᠠᠯ ᠤᠨ | ᠲᠤᠬᠠᠶ ᠬᠦᠰᠡᠯ ᠡᠷᠡᠮᠡᠯᠵᠡᠯ ᠢ ᠡᠪᠦᠷᠯᠡᠵᠦ ᠪᠠᠶᠢᠭ᠎ᠠ ᠶᠤᠮ᠃︾ ᠠᠯᠠᠱᠠ ᠵᠡᠭᠦᠨ ᠬᠤᠰᠢᠭᠤᠨ ᠤ ᠸᠠᠩ ᠤᠨ ᠣᠷᠳᠣᠨ | ᠵᠡᠭᠡᠯᠢ ᠭᠤᠳᠤᠮᠵᠢ ᠶᠢᠨ ᠦᠷᠡᠰ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ | ᠵᠥᠪᠯᠡᠯ ᠤᠨ ᠡᠷᠬᠢᠯᠡᠭᠴᠢ ᠴᠧᠨ ᠵᠢᠩ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠯᠠᠮᠵᠢᠯᠠᠵᠤ᠂ | ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ | ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠡᠶᠢᠭᠡᠮ ᠲᠣᠭᠤᠷᠢᠭ ᠤᠨ ᠤᠯᠠᠨ ᠲᠦᠮᠡᠨ ᠳᠤ ᠵᠢᠯ ᠪᠦᠷᠢ ᠳᠡᠷᠭᠡᠳᠡᠬᠢ ᠰᠢᠨ᠎ᠡ | ᠬᠤᠪᠢᠷᠠᠯᠲᠠ ᠶᠢ ᠮᠡᠳᠡᠷᠡᠭᠦᠯᠦᠨ᠎ᠡ ᠭᠡᠪᠡ᠃ | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠵᠠᠬ᠎ᠠ ᠶᠢᠨ ᠣᠰᠣ ᠭᠠᠴᠠᠭᠠᠨ ᠤ ︽ᠬᠤᠶᠠᠷ ᠵᠥᠪᠯᠡᠯ︾ | ᠤᠨ ᠪᠦᠷᠢᠯᠳᠦᠬᠦᠨ ᠸᠧᠶ ᠰᠢᠶᠠᠩ᠄ ︽ᠡᠨᠡ ᠵᠢᠯ᠂ ᠪᠢᠳᠡ ᠬᠤᠲᠠ ᠶᠢᠨ ᠵᠠᠬ᠎ᠠ ᠲᠡᠯᠭᠡᠭᠦᠷ ᠤᠨ ᠳᠠᠪᠠᠭᠤᠯᠢᠭ ᠲᠠᠢ | ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠨᠠᠷᠢᠯᠢᠭ ᠣᠨᠣᠪᠴᠢᠳᠠᠢ ᠪᠠᠷ ᠠᠷᠭ᠎ᠠ | ᠪᠣᠳᠣᠯᠭ᠎ᠠ ᠬᠡᠷᠡᠭᠵᠢᠭᠦᠯᠵᠦ᠂ ᠭᠠᠴᠠᠭᠠᠨ ᠤ ᠲᠠᠷᠢᠶᠠᠨ ᠭᠠᠵᠠᠷ ᠤᠨ ᠴᠢᠨᠠᠷ ᠰᠠᠶᠢᠨ᠂ ᠬᠤᠳᠳᠤᠭ ᠤᠨ ᠤᠰᠤᠯᠠᠯᠲᠠ | ᠲᠥᠬᠦᠮ ᠵᠡᠷᠭᠡ ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠯ ᠢ | ᠠᠬᠢᠭᠤᠯᠵᠤ᠂ ᠬᠦᠯᠡᠮᠵᠢ ᠶᠢᠨ ᠲᠠᠷᠢᠮᠠᠯ᠂ ᠲᠡᠭᠦᠬᠦ᠂ ᠲᠠᠷᠢᠶᠠᠴᠢᠨ ᠠᠶᠢᠯ ᠤᠨ ᠵᠢᠭᠤᠯᠴᠢᠯᠠᠯ ᠵᠡᠷᠭᠡ ᠬᠥᠳᠡᠭᠡ | ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠲᠠ ᠥᠬᠡᠶ | ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ︾ ᠭᠡᠵᠡᠶ᠃ | |