ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠬᠤ᠋ ᠺᠠᠶ ᠡᠦ | ᠰᠤᠷᠪᠤᠯᠵᠢᠯᠠᠭ᠎ᠠ ᠬᠦᠯᠢᠶᠡᠬᠦ ᠳᠡᠭᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠱᠤᠭᠤᠮ ᠢᠶᠠᠨ ᠪᠤᠯᠭᠠᠨ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠤᠨ᠎ᠠ | ᠭᠡᠪᠡ᠃ | ᠨᠢᠳᠤᠨᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠵᠢᠱᠢᠶ᠎ᠡ ᠦᠵᠡᠭᠦᠯᠬᠦ ᠠᠶᠢᠮᠠᠭ ᠢ ᠪᠦᠳᠦᠬᠡᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠵᠢᠴᠢ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ︾ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠠᠶᠢᠮᠠᠭ ᠢ ᠪᠦᠲᠦᠭᠡᠨ | ᠪᠠᠶᠢᠭᠤᠯᠬᠤ ᠲᠣᠭᠲᠠᠭᠠᠯ︾ ᠢ ᠳᠠᠷᠤᠮᠠᠯᠯᠠᠵᠦ ᠳᠠᠷᠬᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠠᠶᠢᠮᠠᠭ ᠢ ᠪᠦᠲᠦᠭᠡᠨ ᠪᠠᠶᠢᠭᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠡᠯ᠎ᠠ ᠬᠤᠰᠢᠭᠤ ᠤᠷᠤᠨ ᠤ ᠦᠨᠳᠦᠰᠦᠲᠡᠨ ᠤ ᠠᠵᠢᠯ ᠢ ᠳᠠᠭᠠᠭᠠᠴᠢᠯᠠᠨ | ᠬᠠᠷᠢᠯᠴᠠᠵᠦ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠵᠤ᠂ ᠬᠢᠨᠠᠨ ᠵᠢᠯᠣᠭᠤᠳᠬᠤ ᠡᠷᠴᠢᠮ ᠢᠶᠠᠨ | ᠴᠢᠩᠭᠠᠷᠠᠭᠤᠯᠵᠡᠢ᠃ ᠪᠦᠬᠦ ᠠᠶᠢᠮᠠᠭ ᠤᠨ ᠦᠨᠳᠦᠰᠦᠲᠡᠨ ᠤ ᠠᠵᠢᠯ ᠤᠨ ︽ᠭᠤᠷᠪᠠᠨ ᠱᠠᠲᠤᠨ ᠤ ᠰᠦᠯᠵᠢᠶ᠎ᠡ︾ ᠵᠢᠴᠢ | ᠮᠡᠳᠡᠭᠡ ᠵᠠᠩᠭᠢ ᠤᠬᠠᠭᠤᠯᠭ᠎ᠠ ᠶᠢᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠦᠨᠳᠦᠰᠦᠨ ᠱᠠᠲᠤᠨ ᠤ | ᠦᠨᠳᠦᠰᠦᠲᠡᠨ ᠤ ᠠᠵᠢᠯ ᠤᠨ ᠺᠠᠳ᠋ᠷ ᠤᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠬᠦᠯᠪᠡ᠃ ︽ᠠᠯᠠᠱᠠ | ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ | ᠱᠤᠭᠤᠮ ᠢ ᠪᠦᠬᠦ ᠲᠠᠯ᠎ᠠ ᠪᠠᠷ ᠳᠣᠣᠱᠯᠠᠭᠤᠯᠬᠤ ᠳᠣᠬᠠᠢ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠡᠯ᠎ᠡ ᠬᠤᠰᠢᠭᠤ ᠤᠷᠤᠨ ᠤ ᠠᠵᠢᠯ ᠢ ᠱᠠᠯᠠᠪᠳᠠᠭᠤᠯᠤᠨ ᠪᠠᠶᠢᠴᠠᠭᠠᠵᠤ᠂ ᠬᠠᠷᠢᠭᠤᠴᠠᠯᠭ᠎ᠠ ᠶᠢ | ᠪᠤᠳᠠᠳᠠᠶᠢᠵᠢᠭᠤᠯᠤᠨ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠥᠬᠦ | ᠶᠠᠪᠤᠴᠠ ᠳᠤ ᠳᠣᠣᠱᠯᠠᠭᠤᠯᠪᠠ᠃ | ︽ᠳᠤᠮᠳᠠᠳᠤ ᠶᠢᠨ ᠬᠢᠯᠢ ᠬᠢᠵᠠᠭᠠᠷ ᠤᠨ ᠠᠶᠠᠯᠠᠯ︾ ᠤᠨ ᠠᠯᠠᠱᠠ ᠳᠤ ᠢᠷᠡᠵᠦ ᠰᠤᠷᠪᠤᠯᠵᠢᠯᠠᠬᠤ᠂ ᠲᠦᠷᠦ ᠶᠢᠨ | ᠪᠤᠳᠤᠯᠭ᠎ᠠ ᠪᠠ ᠮᠡᠷᠭᠡᠵᠢᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ ᠵᠡᠷᠭᠡ ᠠᠵᠢᠯᠯᠠᠭ᠎ᠠ ᠶᠢ ᠡᠷᠬᠢᠯᠡᠨ | ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠵᠠᠭᠤᠴᠢᠯᠠᠭᠤᠷ ᠲᠤ 200 ᠰᠢᠬᠠᠮ ᠰᠣᠨᠢᠨ | ᠮᠡᠳᠡᠭᠡᠨ ᠤ ᠡᠬᠡ ᠪᠢᠴᠢᠭ ᠨᠡᠶᠢᠲᠡᠯᠡᠵᠦ᠂ ᠠᠯᠠᠱᠠ ᠶᠢᠨ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠤ | ᠣᠷᠣᠰᠢᠬᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠢ ᠪᠠᠷ ᠬᠥᠭᠵᠢᠬᠦ ᠰᠠᠶᠢᠨ | ᠰᠠᠶᠢᠬᠠᠨ ᠦᠩᠭᠡ ᠳᠦᠷᠬᠦ ᠶᠢ ᠪᠦᠬᠦ ᠲᠠᠯ᠎ᠠ ᠪᠠᠷ ᠤᠯᠠᠨ ᠬᠠᠷᠠᠭᠠᠰᠤ ᠠᠴᠠ ᠳᠡᠯᠭᠡᠨ ᠦᠵᠡᠭᠦᠯᠵᠡᠢ᠃ ᠠᠶᠢᠮᠠᠭ ᠤᠨ | ᠰᠢᠭᠤᠳ ᠬᠠᠷᠢᠶ᠎ᠠ ᠰᠠᠯᠠᠭ᠎ᠠ ᠮᠥᠴᠢᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠭᠡᠰᠢᠭᠦᠨ ᠨᠢᠬᠡᠴᠡ ᠲᠠᠢ ᠬᠤᠯᠪᠣᠭᠠᠯᠠᠨ ᠪᠥᠬᠦ ᠠᠶᠢᠮᠠᠭ ᠤᠨ | ᠵᠤᠭᠠᠴᠠᠯ ᠵᠠᠮᠴᠢᠯᠠᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠢᠴᠢ ᠲᠠᠶᠢᠯᠤᠮᠵᠢ ᠬᠢᠬᠦ ᠤᠷᠤᠯᠳᠤᠭᠠᠨ᠂ | ᠪᠥᠬᠦ ᠠᠶᠢᠮᠠᠭ ᠤᠨ ᠬᠤᠶᠠᠳᠤᠭᠠᠷ ᠬᠤᠭᠤᠴᠠᠭᠠᠨ ᠤ ᠤᠯᠠᠭᠠᠨ ᠪᠥᠴᠡᠲᠡᠨ ᠲᠠᠶᠢᠯᠪᠤᠷᠢᠯᠠᠭᠴᠢ ᠶᠢᠨ ᠤᠷᠤᠯᠳᠤᠭᠠᠨ᠂ | ᠪᠥᠬᠦ ᠠᠶᠢᠮᠠᠭ ᠤᠨ ᠣᠳᠣᠨ ᠲᠠᠰ ᠤᠨ ᠵᠢᠭᠤᠯᠴᠢᠯᠠᠯ ᠤᠨ ᠪᠠᠭᠤᠳᠠᠯ ᠤᠨ ᠦᠢᠯᠡᠴᠢᠯᠡᠬᠡᠨ ᠤ ᠤᠷ᠎ᠠ ᠴᠢᠳᠠᠪᠤᠷᠢ ᠶᠢᠨ | ᠤᠷᠤᠯᠳᠤᠭᠠᠨ ᠵᠡᠷᠭᠡ ᠶᠢ ᠡᠷᠬᠢᠯᠡᠨ᠂ ᠮᠠᠨ ᠤ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠬᠢᠯᠠᠯᠵᠠᠭᠰᠠᠨ ᠠᠮᠵᠢᠯᠳᠠ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠤᠭᠰᠠᠨ ᠨᠡᠶᠢᠲᠡᠯᠢᠭ ᠲᠤᠷᠰᠢᠯᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠦᠯᠵᠢᠶ᠎ᠡ ᠳᠤ ᠭᠠᠷᠭᠠᠨ ᠤᠬᠠᠭᠤᠯᠵᠤ᠂ ᠪᠥᠬᠦ ᠠᠶᠢᠮᠠᠭ ᠤᠨ | ᠦᠨᠳᠦᠰᠦᠲᠡᠨ ᠤ ᠠᠵᠢᠯ ᠤᠨ ᠨᠢᠭᠲᠠᠷᠠᠯ ᠤᠨ ᠬᠦᠴᠦᠨ ᠢ ᠪᠦᠲᠦᠮᠵᠢᠲᠡᠶ ᠪᠠᠳᠠᠷᠠᠭᠤᠯᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ | ᠬᠥᠮᠦᠵᠢᠯ ᠢ ᠴᠠᠭᠳᠠᠭ᠎ᠠ ᠶᠢᠨ ᠬᠤᠸᠠᠷᠠᠨ ᠳᠤ ᠣᠷᠣᠭᠤᠯᠬᠤ᠂ ᠴᠡᠷᠢᠭ ᠠᠩᠭᠢ ᠳᠤ ᠣᠷᠣᠭᠤᠯᠬᠤ᠂ ︽ᠭᠤᠷᠪᠠᠨ ᠰᠢᠨ᠎ᠡ︾ | ᠵᠣᠬᠢᠶᠠᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠵᠦ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠰᠢᠨ᠎ᠡ ᠶᠢ | ᠡᠭᠦᠳᠬᠦ ᠶᠢ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠭᠤᠤᠯ ᠰᠡᠳᠦᠪᠲᠦ ᠺᠢᠨᠣ᠋ ᠶᠢᠨ ᠣᠷᠳᠣᠨ ᠢ ᠪᠠᠶᠢᠭᠤᠯᠤᠨ᠂ 18 ᠲᠦᠷᠭᠡᠨ ᠬᠦᠷᠭᠡᠭᠴᠢ ᠶᠢ ︽ᠤᠯᠠᠭᠠᠨ | ᠠᠨᠠᠷ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠤᠭᠴᠢ ᠪᠤᠯᠭᠠᠵᠦ᠂ | ᠭᠤᠤᠯ ᠱᠤᠭᠤᠮ ᠤᠨ ᠤᠬᠠᠭᠤᠯᠭ᠎ᠠ ᠬᠥᠮᠦᠵᠢᠯ ᠢ ᠠᠬᠢᠭᠤᠯᠪᠠ᠃ ᠡᠯ᠎ᠡ ᠱᠠᠲᠤᠨ ᠤ ᠵᠠᠭᠤᠴᠢᠯᠠᠭᠤᠷ ᠲᠤ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠤᠬᠠᠭᠤᠯᠭ᠎ᠠ ᠶᠢᠨ | ᠲᠤᠰᠬᠠᠢ ᠪᠤᠯᠤᠩ ᠭᠠᠷᠭᠠᠵᠤ᠂ ᠭᠤᠣᠯ ᠵᠠᠭᠤᠴᠢᠯᠠᠭᠤᠷ ᠲᠤ ᠬᠤᠯᠪᠣᠭᠳᠠᠯ ᠪᠦᠬᠦᠢ ᠰᠣᠨᠢᠨ ᠮᠡᠳᠡᠭᠡᠨ ᠤ ᠮᠡᠳᠡᠭᠡᠯᠡᠯ ᠢ | 24 ᠵᠤᠷᠪᠤᠰ ︵ᠬᠤᠭᠤᠴᠠᠭ᠎ᠠ︶ ᠨᠡᠪᠲᠡᠷᠡᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠪᠠ MV ᠳᠡᠯᠭᠡᠴᠡᠨ | ᠨᠡᠪᠳᠡᠷᠡᠬᠦᠯᠬᠡ ᠵᠡᠷᠭᠡ ᠶᠢ 170 ᠭᠠᠷᠤᠢ ᠤᠳᠠᠭ᠎ᠠ ᠨᠡᠪᠳᠡᠷᠡᠬᠦᠯᠦᠨ᠂ 40 ᠭᠠᠷᠤᠢ ᠲᠦᠮᠡᠨ ᠨᠡᠶᠢᠲᠡ ᠶᠢᠨ | ᠠᠰᠠᠷᠠᠮᠵᠢ ᠶᠢᠨ ᠣᠬᠤᠷ ᠮᠡᠳᠡᠭᠡ ᠶᠢ ᠢᠯᠡᠭᠡᠪᠡ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠲᠤᠪᠴᠢ ᠦᠬᠦᠯᠡᠯ︾ ᠢ ᠳᠡᠯᠭᠡᠷᠡᠭᠦᠯᠬᠦ ᠵᠢᠴᠢ ᠤᠬᠠᠭᠤᠯᠤᠨ ᠲᠠᠶᠢᠯᠪᠤᠷᠢᠯᠠᠬᠤ ᠠᠵᠢᠯ ᠤᠨ ᠬᠤᠷᠠᠯ ᠢ ᠬᠤᠷᠠᠯᠳᠤᠭᠤᠯᠵᠤ | ᠂ ᠠᠶᠢᠮᠠᠭ ᠤᠨ ᠲᠠᠰ ᠤᠨ ᠤᠳᠤᠷᠢᠳᠤᠯᠭ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠬᠡᠴᠡ | ᠪᠣᠯᠤᠨ ᠪᠥᠬᠦ ᠠᠶᠢᠮᠠᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠵᠡᠷᠭᠡ ᠳᠤ ᠨᠣᠮ ᠪᠢᠴᠢᠭ | ᠬᠦᠷᠭᠡᠭᠰᠡᠨ ᠪᠦᠬᠡᠳ 699 ᠲᠠᠯᠠᠪᠤᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ 3.8 ᠲᠦᠮᠡᠨ | ᠬᠥᠮᠦᠨ ᠳᠤ ᠬᠦᠮᠦᠵᠢᠯ ᠬᠦᠷᠳᠡᠬᠡᠪᠡ᠃ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠦᠢᠯᠡ ᠠᠵᠢᠯᠯᠠᠭ᠎ᠠ ᠶᠢ | ᠤᠬᠠᠭᠤᠯᠤᠨ ᠲᠠᠶᠢᠯᠪᠤᠷᠢᠯᠠᠬᠤ ᠶᠢ ᠪᠠᠶᠢᠭᠤᠯᠭ᠎ᠠ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠦᠨᠳᠦᠰᠦᠨ | ᠱᠠᠲᠤᠨ ᠳᠤ ᠤᠷᠤᠭᠤᠯᠬᠤ ᠠᠵᠢᠯᠯᠠᠭ᠎ᠠ ᠶᠢ ᠦᠷᠨᠢᠬᠦᠯᠦᠨ᠂ ᠵᠢᠱᠢᠶᠡᠴᠢ ᠠᠴᠠ ᠰᠤᠷᠤᠯᠴᠠᠬᠤ᠂ ᠵᠢᠱᠢᠶᠡᠴᠢ ᠪᠣᠯᠬᠤ ᠪᠠᠷ | ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠪᠠ᠃ ᠬᠥᠬᠡᠬᠤᠲᠠ᠂ ᠪᠤᠭᠤᠲᠤ᠂ ᠤᠯᠠᠭᠠᠨᠴᠠᠪ | ᠬᠤᠲᠠ ᠯᠤᠭ᠎ᠠ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ | ᠠᠬᠢᠭᠤᠯᠬᠤ ᠣᠷᠣᠨ ᠪᠦᠰᠡ ᠠᠯᠤᠰᠯᠠᠭᠰᠠᠨ ᠬᠠᠮᠵᠢᠯᠴᠠᠨ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠣᠭᠲᠠᠵᠤ᠂ ︽ | ᠪᠡᠭᠡᠵᠢᠩ ᠥᠪᠥᠷ ᠮᠣᠩᠭᠤᠯ ᠤᠨ ᠪᠠᠭᠠᠴᠤᠳ ᠭᠠᠷ ᠭᠠᠷ ᠢᠶᠠᠨ ᠬᠤᠯᠪᠣᠯᠴᠠᠬᠤ︾᠂ ︽ᠢᠷᠭᠠᠢ ᠠᠯᠠᠱᠠ ᠶᠢᠨ | ᠪᠠᠭᠠᠴᠤᠳ ᠭᠠᠷ ᠭᠠᠷ ᠢᠶᠠᠨ ᠬᠤᠯᠪᠣᠯᠴᠠᠬᠤ︾ ᠵᠡᠷᠭᠡ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ | ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠪᠦᠬᠦ ᠤᠯᠤᠰ ᠤᠨ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ | ᠵᠦᠢᠯ — ᠳ᠋ᠦᠩ ᠹᠧᠩ ᠰᠠᠨᠰᠠᠷ ᠤᠨ ᠬᠤᠲᠠ ᠶᠢᠨ ᠵᠠᠯᠠᠭᠤᠴᠤᠳ ᠪᠠᠭᠠᠴᠤᠳ ᠤᠨ ᠬᠤᠪᠢᠰᠬᠠᠯ ᠤᠨ | ᠬᠥᠮᠦᠵᠢᠯ ᠤᠨ ᠰᠠᠭᠤᠷᠢᠨ ᠭᠠᠵᠠᠷ ᠤᠨ ᠴᠢᠳᠠᠮᠵᠢ ᠶᠢ ᠳᠡᠭᠡᠭᠰᠢᠯᠡᠬᠦᠯᠦᠨ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠷᠢᠯᠴᠠᠨ ᠠᠭᠤᠰᠤᠯᠴᠠᠬᠤ ᠬᠥᠭᠵᠢᠯᠲᠡ ᠶᠢᠨ ᠲᠤᠷᠰᠢᠯᠲᠠ ᠶᠢᠨ ᠴᠡᠭ ᠤᠨ 12 ᠨᠢᠬᠡᠴᠡ ᠶᠢ ᠪᠠᠶᠢᠭᠤᠯᠪᠠ᠃ | ︽ᠡᠭᠦᠯᠡᠨ︾ ᠳᠡᠭᠡᠷ᠎ᠡ ᠭᠡᠷ᠎ᠡ ᠲᠣᠭᠲᠠᠬᠤ᠂ ᠰᠦᠯᠵᠢᠶᠡᠨ ᠭᠠᠳᠠᠨ᠎ᠠ ᠬᠤᠤᠰᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠂ ᠤᠷᠢᠳ ᠬᠤᠵᠢᠳ ᠬᠤᠪᠸᠢ᠂ ᠭᠤᠸᠠᠩᠰᠢ᠂ ᠰᠢᠨᠵᠢᠶᠠᠩ᠂ ᠰᠧᠴᠤᠸᠠᠨ ᠵᠡᠷᠭᠡ ᠮᠤᠵᠢ ᠣᠷᠣᠨ ᠤ 21 ᠬᠤᠲᠠ ︵ | ᠵᠧᠦ᠂ ᠠᠶᠢᠮᠠᠭ︶ ᠲᠠᠢ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠣᠭᠲᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠦᠢᠯᠡᠳᠦᠯᠭᠡ ᠶᠢᠨ ᠠᠷᠭ᠎ᠠ | ᠵᠠᠮ ᠢᠶᠠᠨ ᠲᠠᠰᠤᠷᠠᠯᠲᠠ ᠦᠭᠡᠢ ᠦᠷᠭᠡᠳᠭᠡᠭᠰᠡᠨ ᠪᠠᠶᠢᠨ᠎ᠠ᠃ |