2 ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠠᠮᠠᠷᠠᠯᠳᠠ ᠲᠠᠭᠤᠰᠴᠤ ᠠᠵᠢᠯ ᠳᠠᠭᠠᠨ ᠭᠠᠷᠤᠬᠰᠠᠨ | ᠠᠩᠬᠠᠨ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠬᠦ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠲᠤᠬᠠᠢ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠬᠦᠷᠴᠦ ᠪᠠᠶᠢᠴᠠᠭᠠᠨ | ᠰᠤᠳᠤᠯᠵᠦ ᠶᠠᠷᠢᠯᠴᠠᠬᠤ ᠬᠤᠷᠠᠯ ᠬᠤᠷᠠᠯᠳᠤᠭᠤᠯᠪᠠ᠃ | ᠸᠠᠩ ᠯᠢ ᠰᠢᠶᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠵᠤ ᠪᠠᠶᠢᠭ᠎ᠠ | ᠪᠠᠶᠢᠳᠠᠯ ᠢ ᠲᠦᠢᠯ ᠢᠶᠠᠷ ᠬᠠᠯᠠᠮᠵᠢᠯᠠᠵᠤ᠂ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠲᠤ ᠤᠷᠤᠵᠤ ᠠᠵᠢᠯᠯᠠᠵᠤ | ᠪᠠᠶᠢᠬᠰᠠᠨ ᠨᠥᠬᠦᠳ ᠲᠠᠢ ᠭᠦᠨᠵᠡᠭᠡᠢ ᠶᠠᠷᠢᠯᠴᠠᠨ ᠰᠣᠯᠢᠯᠴᠠᠪᠠ᠃ ᠨᠠᠮ ᠤᠨ ᠪᠠᠶᠢᠭᠤᠯᠤᠯᠲᠠ ᠶᠢᠨ ᠠᠵᠢᠯ ᠤᠨ | ᠭᠠᠵᠠᠷ ᠲᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ | ᠂ ᠨᠠᠮ ᠤᠨ ᠪᠠᠶᠢᠭᠤᠯᠤᠯᠲᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ | ᠬᠥᠲᠥᠯᠥᠨ ᠳᠠᠭᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ︔ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠠᠵᠠᠷ ᠲᠤ᠂ ᠨᠢᠳᠤᠨᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠯᠳᠠᠭᠳᠠᠯ ᠢᠶᠠᠨ | ᠬᠤᠪᠢᠷᠠᠭᠤᠯᠤᠬᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠴᠠᠯᠢᠩ ᠬᠥᠯᠥᠰᠥ ᠶᠢᠨ ᠥᠭᠡᠷᠡᠴᠢᠯᠡᠯᠲᠡ ᠪᠣᠯ | ᠴᠢᠬᠤᠯᠠ ᠠᠷᠭ᠎ᠠ ᠪᠠᠷᠢᠯ ᠮᠥᠨ᠂ ᠰᠢᠨ᠎ᠡ ᠨᠢᠭᠡ ᠵᠢᠯ ᠳᠤ ᠡᠨᠡ ᠲᠠᠯ᠎ᠠ ᠶᠢᠨ ᠠᠵᠢᠯ ᠤᠨ ᠡᠷᠴᠢᠮ ᠢᠶᠠᠨ | ᠴᠢᠩᠭᠠᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ︔ ᠲᠥᠯᠥᠪᠵᠢᠭᠦᠯᠭᠡ ᠬᠥᠭᠵᠢᠭᠦᠯᠦᠯᠲᠡ ᠶᠢᠨ ᠭᠠᠵᠠᠷ ᠲᠤ᠂ | ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠪᠠᠶᠢᠷᠢᠰᠢᠭᠤᠯᠤᠯᠲᠠ ᠶᠣᠰᠣᠭᠠᠷ | ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠦᠷᠭᠡᠳᠭᠡᠨ ᠨᠠᠶᠢᠷᠠᠭᠤᠯᠤᠨ ᠵᠣᠬᠢᠶᠠᠵᠤ᠂ | ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠤᠷᠢᠳᠴᠢᠯᠠᠨ ᠱᠠᠯᠠᠪᠳᠠᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠳᠠᠷᠠᠭ᠎ᠠ ᠨᠢ ᠸᠠᠩ ᠯᠢ ᠰᠢᠶᠠ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠭᠰᠠᠨ᠂ ᠣᠨᠴᠠᠭᠠᠶᠢᠯᠠᠨ ᠭᠠᠵᠠᠷ | ᠰᠢᠨᠵᠢᠯᠡᠭᠡᠨ ᠤ ᠬᠠᠶᠢᠨ ᠰᠢᠨᠵᠢᠯᠡᠯᠲᠡ ᠶᠢᠨ ᠭᠤᠷᠪᠠᠨ ᠶᠡᠭᠡ ᠨᠢᠬᠡᠴᠡ ᠶᠢᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ | ᠪᠠᠶᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠠᠤᠭ᠎ᠠ ᠰᠠᠨᠠᠭ᠎ᠠ ᠡᠷᠡᠯᠬᠡᠭ | ᠵᠣᠷᠢᠭ ᠢ ᠪᠤᠢ ᠪᠣᠯᠭᠠᠵᠤ᠂ ᠪᠤᠰᠤᠳ ᠠᠴᠠ ᠬᠤᠴᠣᠷᠬᠤ ᠦᠭᠡᠢ᠂ ᠰᠢᠨ᠎ᠡ ᠵᠢᠯ ᠡᠬᠢᠯᠡᠮᠡᠭᠴᠡ ᠲᠠᠷᠤᠢ ᠪᠦᠬᠦ | ᠬᠦᠴᠦᠨ ᠢᠶᠠᠷ ᠢᠶᠠᠨ ᠴᠢᠷᠮᠠᠶᠢᠵᠤ᠂ ᠠᠵᠢᠯ ᠢᠶᠠᠨ ᠡᠬᠢᠯᠡᠭᠦᠯᠦᠮᠡᠭᠴᠡ ᠲᠠᠷᠤᠢ ᠡᠷᠴᠢ ᠵᠤᠷᠢᠭ ᠢᠶᠠᠨ ᠭᠦᠢᠴᠡᠳ | ᠬᠦᠪᠴᠢᠯᠡᠵᠦ᠂ ᠡᠷᠡᠰ ᠭᠤᠶᠢᠪᠢᠰᠢ ᠦᠭᠡᠢ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ | ᠰᠢᠯᠢᠳᠡᠭᠵᠢᠭᠦᠯᠵᠦ ᠬᠦᠴᠦᠷᠬᠡᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ | ᠰᠢᠢᠳᠪᠦᠷᠢᠯᠡᠵᠦ᠂ ᠲᠦᠷᠭᠡᠨ ︽ᠪᠦᠰᠠᠯᠡᠯᠲᠡ ᠰᠢᠪᠲᠤᠯᠵᠤ︾᠂ ᠠᠯᠳᠠᠭᠳᠠᠯ ᠲᠠᠢ ᠪᠠᠶᠢᠭᠰᠠᠨ ᠠᠴᠠ ᠪᠠᠨ | ᠣᠯᠵᠠᠪᠤᠷᠢ ᠲᠠᠢ ᠪᠣᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ | ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠳᠤ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠭᠤᠣᠯᠯᠠᠭᠴᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨ ᠬᠠᠮᠢᠶᠠᠷᠤᠯᠲᠠ | ᠪᠠ ᠦᠢᠯᠡᠴᠢᠯᠡᠭᠡ ᠪᠠᠨ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠪᠥᠬᠦ ᠣᠷᠣᠨ ᠢᠶᠠᠷ ᠢᠶᠠᠨ ᠨᠢᠭᠡ ᠬᠥᠯᠭᠡ | ᠰᠢᠲᠠᠷ᠎ᠠ ᠪᠠᠶᠢᠵᠤ᠂ ᠨᠠᠷᠢᠨ ᠨᠢᠮᠪᠠᠶ ᠤᠬᠠᠭᠠᠯᠠᠨ ᠲᠦᠯᠦᠪᠯᠡᠵᠦ᠂ ᠨᠠᠷᠢᠯᠢᠭ ᠬᠠᠮᠢᠶᠠᠷᠴᠤ᠂ ᠣᠨᠣᠪᠴᠢᠲᠠᠶ ᠬᠢᠨᠠᠨ | ᠬᠠᠮᠢᠶᠠᠷᠴᠤ᠂ ᠨᠢᠭᠡ ᠠᠵᠤ ᠠᠬᠤᠶᠢᠯᠠᠯ ᠢ ᠨᠢᠭᠡ ᠲᠥᠷᠥ ᠶᠢᠨ ᠪᠣᠳᠣᠯᠭ᠎ᠠ ᠪᠠᠷ ᠬᠠᠪᠰᠤᠷᠬᠤ᠂ ᠲᠤᠰᠬᠠᠶ ᠠᠩᠬᠢ ᠪᠠᠷ | ᠬᠠᠪᠰᠤᠷᠬᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠬᠠᠪᠰᠤᠷᠬᠤ ᠶᠢ ᠪᠠᠷᠢᠮᠲᠠᠯᠠᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠪᠡᠷ ᠤᠨ ᠥᠷᠲᠡᠭ ᠢᠶᠠᠨ ᠪᠠᠭᠤᠷᠠᠭᠤᠯᠵᠤ᠂ ᠬᠥᠭᠵᠢᠯᠲᠡ ᠪᠠᠨ | ᠲᠦᠷᠭᠡᠳᠭᠡᠬᠦ ᠶᠢ ᠵᠢᠯᠤᠭᠤᠳᠤᠨ ᠬᠠᠪᠰᠤᠷᠴᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ︽ᠲᠦᠷᠦᠬᠦᠯᠡᠨ | ᠬᠢᠬᠦ ᠬᠦᠮᠦᠨ︾ ᠪᠣᠯᠬᠤ ᠪᠠᠷ ᠪᠠᠷᠠᠬᠤ ᠥᠬᠡᠶ ᠪᠠᠰᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ | ᠦᠢᠯᠡᠴᠢᠯᠡᠬᠦ ︽ᠲᠥᠷᠬᠦᠮ ᠤᠨ ᠬᠥᠮᠦᠨ︾ ᠨᠢ ᠪᠣᠯᠬᠤ ᠬᠡᠷᠡᠭᠲᠡᠶ᠃ ᠰᠢᠨ᠎ᠡ ᠪᠠᠷ ᠵᠤᠬᠢᠶᠠᠨ ᠪᠠᠶᠢᠭᠤᠯᠤᠭᠰᠠᠨ ᠭᠠᠵᠠᠷ | ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠪᠦᠯᠦᠭᠯᠡᠯ ᠨᠢ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ | ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠳᠡᠭᠡᠷ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ | ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠵᠡᠢ᠃ | ᠶᠤᠤ ᠶᠦᠩ ᠪᠥᠸᠧ ᠠᠵᠢᠯᠯᠠᠭ᠎ᠠ ᠳᠤ ᠣᠷᠣᠯᠴᠠᠵᠡᠢ᠃ |