ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/2/8
    2 ᠰᠠᠷ᠎ᠠ ᠶᠢᠨ 7᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ ᠳᠤ ᠬᠦᠷᠴᠦ ᠪᠠᠶᠢᠴᠠᠭᠠᠨ ᠰᠤᠳᠤᠯᠪᠠ᠃    ᠸᠠᠩ ᠯᠢ ᠰᠢᠶᠠ ᠠᠵᠤ ᠠᠬᠤᠶᠢᠯᠠᠯ ᠳᠤ ᠦᠷᠢᠳᠦᠵᠤ ᠪᠠᠶᠢᠭ᠎ᠠ ᠳᠠᠩᠰᠠᠨ ᠵᠤᠭᠤᠰ ᠢ ᠲᠦᠯᠦᠵᠦ ᠪᠠᠶᠢᠭ᠎ᠠ ᠪᠠᠶᠢᠳᠠᠯ ᠢ ᠮᠠᠰᠢ ᠬᠠᠯᠠᠮᠵᠢᠯᠠᠵᠤ᠂ ᠥᠷᠢ ᠲᠦᠯᠦᠬᠦ ᠠᠵᠢᠯ ᠤᠨ ᠲᠤᠰᠬᠠᠢ ᠠᠩᠭᠢ ᠳᠤ ᠬᠦᠷᠴᠦ ᠪᠠᠶᠢᠳᠠᠯ ᠢ ᠨᠠᠷᠢᠨ ᠣᠶᠢᠯᠠᠭᠠᠵᠤ᠂ ᠨᠠᠷᠢᠯᠢᠭ ᠣᠨᠣᠪᠴᠢᠲᠠᠢ ᠪᠠᠷ ᠪᠠᠶᠢᠴᠠᠭᠠᠨ᠂ ᠣᠷᠬᠢᠭᠳᠠᠭᠤᠯᠬᠤ ᠠᠴᠠ ᠰᠡᠷᠭᠡᠶᠢᠯᠡᠵᠦ᠂ ︽ᠦᠷᠭᠦᠯᠵᠢᠯᠡᠨ ᠦᠷᠢᠳᠦᠬᠦ︾ ᠰᠢᠯᠳᠠᠭᠠᠨ ᠢ ᠭᠦᠢᠴᠡᠳ ᠪᠣᠳᠣᠯᠬᠢᠯᠠᠵᠤ᠂ ᠠᠵᠤ ᠠᠬᠤᠶᠢᠯᠠᠯ ᠤᠨ ᠳᠠᠩᠰᠠᠨ ᠵᠤᠭᠤᠰ ᠢ ᠤᠳᠠᠭᠠᠰᠢᠷᠠᠭᠤᠯᠤᠨ ᠦᠷᠢᠳᠦᠬᠦ ᠠᠴᠠ ᠪᠤᠯᠵᠤ ᠠᠵᠢᠯᠴᠢᠤᠨ ᠤᠨ ᠴᠠᠯᠢᠩ ᠢ ᠥᠷᠢᠲᠦᠬᠦ ᠶᠢ ᠰᠡᠷᠭᠡᠶᠢᠯᠡᠬᠦ ᠬᠡᠷᠡᠭᠲᠡᠢ ᠭᠡᠵᠦ ᠵᠠᠬᠢᠪᠠ᠃ ᠪᠠᠯᠠ ᠣᠷᠣᠭᠤᠯᠤᠯᠲᠠ ᠶᠢᠨ ᠲᠥᠯᠥᠪᠵᠢᠭᠦᠯᠭᠡ ᠶᠢᠨ ᠭᠠᠵᠠᠷ ᠲᠤ᠂ ᠲᠡᠷᠡ ᠪᠥᠬᠦ ᠣᠷᠣᠨ ᠤ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠬᠦᠰᠦᠨᠦᠭᠲᠦ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ ᠂ ᠪᠥᠬᠦ ᠣᠷᠣᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠡᠯ᠎ᠡ ᠠᠶᠢᠮᠠᠭ ᠬᠤᠲᠠ ᠶᠢ ᠵᠢᠯᠣᠭᠤᠳᠴᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃ ᠠᠵᠤ ᠠᠬᠤᠢ ᠶᠢᠨ ᠡᠷᠭᠢᠯᠳᠡ ᠶᠢᠨ ᠲᠣᠪᠴᠢᠶ᠎ᠠ ᠳᠤ ᠲᠡᠷᠡ᠂ ᠡᠨᠡ ᠪᠣᠯ ᠳᠠᠷᠤᠢ ︽ᠪᠠᠶᠢᠯᠳᠤᠭᠠᠨ︾᠎ ᠤ ᠵᠢᠯᠣᠭᠤᠳᠬᠤ ᠲᠠᠰᠤᠭ ᠪᠣᠯᠤᠨ᠎ᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠶᠡᠭᠡ ᠶᠢ ᠠᠳᠬᠤᠵᠤ ᠪᠠᠭ᠎ᠠ ᠶᠢ ᠦᠯᠦ ᠲᠠᠯᠪᠢᠬᠤ ᠶᠢ ᠪᠠᠷᠢᠮᠲᠠᠯᠠᠵᠤ᠂ ᠲᠤᠬᠢᠷᠠᠭᠤᠯᠤᠯᠳᠠ ᠶᠢᠨ ᠴᠠᠬᠴᠢ ᠴᠢᠨᠠᠷ᠂ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠠᠵᠢᠯ ᠲᠦᠷᠦᠯ ᠨᠢᠭᠡᠪᠦᠷᠢ ᠶᠢᠨ ᠪᠠᠶᠢᠳᠠᠯ᠂ ᠠᠶᠢᠮᠠᠭ ᠬᠤᠲᠠ ᠨᠢᠭᠡᠪᠦᠷᠢ ᠶᠢᠨ ᠪᠠᠶᠢᠳᠠᠯ ᠳᠤ ᠪᠦᠷ ᠳᠣᠲᠣᠷ᠎ᠠ ᠪᠠᠨ ᠲᠤᠭ᠎ᠠ ᠲᠠᠢ ᠪᠠᠶᠢᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠠᠵᠤ ᠠᠬᠤᠢ ᠶᠢᠨ ᠡᠷᠭᠢᠯᠳᠡ ᠳᠤᠮᠳᠠᠬᠢ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ᠃    ᠳᠠᠷᠠᠭ᠎ᠠ ᠨᠢ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠡᠷᠭᠢᠯᠳᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠦᠢᠯᠡᠳᠪᠦᠷᠢ ᠨᠢ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ᠂ ᠰᠢᠨ᠎ᠡ ᠵᠠᠮ ᠨᠡᠬᠡᠭᠡᠵᠦ ᠳᠤᠮᠳᠠ ᠲᠦᠪᠰᠢᠨ ᠳᠤ ᠤᠷᠤᠬᠤ ᠳᠤᠮᠳᠠ ᠴᠢᠬᠤᠯᠠ ᠡᠭᠦᠷᠭᠡ ᠡᠭᠦᠷᠭᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠣᠷᠴᠢᠮ ᠨᠡᠮᠡᠭᠳᠡᠭᠦᠯᠬᠦ ᠬᠠᠷᠠᠯᠲᠠ ᠶᠢ ᠪᠠᠷᠢᠮᠲᠠᠯᠠᠵᠤ᠂ ᠬᠦᠴᠢᠷ ᠪᠡᠷᠬᠡᠰᠢᠶᠡᠯ ᠥᠷᠢᠰᠥᠯᠳᠦᠭᠡᠨ ᠢ ᠪᠥᠬᠦ ᠬᠦᠴᠦᠨ ᠢᠶᠠᠷ ᠢᠶᠠᠨ ᠢᠯᠡᠨ ᠳᠠᠪᠠᠵᠤ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠬᠤ ᠬᠡᠷᠡᠭᠲᠡᠶ᠃ ︽ᠵᠢᠷᠭᠤᠭᠠᠨ ᠠᠵᠢᠯᠯᠠᠭ᠎ᠠ︾ ᠳᠤᠮᠳᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ 1398 ᠭᠤᠤᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ︔ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ ᠢ ᠨᠢ ᠥᠷᠭᠡᠳᠭᠡᠵᠦ᠂ ᠬᠠᠮᠢᠶ᠎ᠠ ᠪᠥᠬᠦᠶ ᠡᠬᠢᠨ ᠤ ᠪᠠ ᠡᠴᠦᠰ ᠤᠨ ᠭᠡᠯᠬᠢᠶ᠎ᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠬᠡᠷᠡᠭᠲᠡᠢ︔ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠠᠬᠤᠶᠢᠯᠠᠯ ᠪᠣᠯᠤᠨ ᠴᠢᠳᠠᠪᠤᠷᠢᠲᠠᠨ ᠳᠤ ᠬᠥᠭᠦᠷᠭᠡ ᠬᠤᠯᠪᠣᠭᠠᠰᠤ ᠪᠤᠯᠵᠤ᠂ ᠠᠵᠤ ᠦᠢᠯᠡᠰ ᠤᠨ ᠬᠥᠭᠵᠢᠯᠲᠡ ᠪᠠᠷ ᠨᠡᠩ ᠤᠯᠠᠨ ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ︔ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠭᠤᠤᠯᠳᠠᠯᠭ᠎ᠠ ᠲᠠᠢ ᠠᠵᠢᠯ ᠲᠥᠷᠥᠯ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠩ ᠣᠯᠠᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠪᠠ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠬᠡᠷᠡᠭᠲᠡᠶ︔ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠣᠷᠣᠨ ᠪᠦᠰᠡ ᠶᠢᠨ ᠬᠤᠭᠤᠷᠣᠨᠳᠣᠬᠢ᠂ ᠣᠷᠣᠨ ᠨᠤᠲᠤᠭ ᠤᠨ ᠬᠤᠭᠤᠷᠣᠨᠳᠣᠬᠢ ᠠᠵᠤ ᠦᠢᠯᠡᠰ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠦᠬᠦ ᠣᠷᠣᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠳᠤ ᠨᠡᠶᠢᠴᠡᠬᠦ ᠠᠵᠤ ᠦᠢᠯᠡᠰ ᠤᠨ ᠲᠦᠷᠦᠯ ᠵᠦᠢᠯ ᠢ ᠰᠠᠶᠢᠲᠤᠷ ᠳᠡᠮᠵᠢᠬᠦ ᠬᠡᠷᠡᠭᠲᠡᠢ︔ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠦᠢᠯᠡᠳᠪᠦᠷᠢ ᠶᠢᠨ ᠲᠡᠦᠬᠡ ᠰᠣᠶᠣᠯ ᠢ ᠭᠦᠨᠵᠡᠭᠡᠶ ᠠᠭᠤᠳᠠᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠶ᠃ ︽ᠠᠷᠪᠠᠨ ᠶᠡᠭᠡ ᠠᠵᠤ ᠦᠢᠯᠡᠰ ᠤᠨ ᠪᠦᠯᠦᠭᠵᠢᠯ︾᠎ ᠢ ᠴᠣᠭᠴᠠᠯᠠᠬᠤ ᠳᠤᠮᠳᠠ ᠭᠤᠣᠯ ᠰᠢᠪᠲᠤᠯᠤᠯᠲᠠ ᠬᠢᠵᠦ᠂ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠦᠭᠡᠶᠢᠵᠢᠯᠳᠡ ᠶᠢᠨ ᠬᠠᠷᠠᠯᠲᠠ ᠶᠢ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠦᠳᠤᠯᠤᠨ ᠳᠠᠭᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠦᠷᠦᠭᠦᠦ ᠤᠯᠠᠷᠢᠯ ᠤᠨ ︽ᠰᠠᠶᠢᠨ ᠡᠬᠢᠯᠡᠯᠲᠡ︾᠎ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠶᠤᠤ ᠶᠦᠩ ᠪᠥᠸᠧ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号