ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/2/8
    2 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ ᠳᠤ ᠬᠦᠷᠴᠦ ᠪᠠᠶᠢᠴᠠᠭᠠᠨ ᠰᠤᠳᠤᠯᠪᠠ᠃    ᠸᠠᠩ ᠯᠢ ᠰᠢᠶᠠ ᠠᠵᠤ ᠠᠬᠤᠶᠢᠯᠠᠯ ᠳᠤ ᠦᠷᠢᠳᠦᠵᠤ ᠪᠠᠶᠢᠭ᠎ᠠ ᠳᠠᠩᠰᠠᠨ ᠵᠤᠭᠤᠰ ᠢ ᠲᠦᠯᠦᠵᠦ ᠪᠠᠶᠢᠭ᠎ᠠ ᠪᠠᠶᠢᠳᠠᠯ ᠢ ᠮᠠᠰᠢ ᠬᠠᠯᠠᠮᠵᠢᠯᠠᠵᠤ᠂ ᠥᠷᠢ ᠲᠦᠯᠦᠬᠦ ᠠᠵᠢᠯ ᠤᠨ ᠲᠤᠰᠬᠠᠢ ᠠᠩᠭᠢ ᠳᠤ ᠬᠦᠷᠴᠦ ᠪᠠᠶᠢᠳᠠᠯ ᠢ ᠨᠠᠷᠢᠨ ᠣᠶᠢᠯᠠᠭᠠᠵᠤ᠂ ᠨᠠᠷᠢᠯᠢᠭ ᠣᠨᠣᠪᠴᠢᠲᠠᠢ ᠪᠠᠷ ᠪᠠᠶᠢᠴᠠᠭᠠᠨ᠂ ᠣᠷᠬᠢᠭᠳᠠᠭᠤᠯᠬᠤ ᠠᠴᠠ ᠰᠡᠷᠭᠡᠶᠢᠯᠡᠵᠦ᠂ ︽ᠦᠷᠭᠦᠯᠵᠢᠯᠡᠨ ᠦᠷᠢᠳᠦᠬᠦ︾ ᠰᠢᠯᠳᠠᠭᠠᠨ ᠢ ᠭᠦᠢᠴᠡᠳ ᠪᠣᠳᠣᠯᠬᠢᠯᠠᠵᠤ᠂ ᠠᠵᠤ ᠠᠬᠤᠶᠢᠯᠠᠯ ᠤᠨ ᠳᠠᠩᠰᠠᠨ ᠵᠤᠭᠤᠰ ᠢ ᠤᠳᠠᠭᠠᠰᠢᠷᠠᠭᠤᠯᠤᠨ ᠦᠷᠢᠳᠦᠬᠦ ᠠᠴᠠ ᠪᠤᠯᠵᠤ ᠠᠵᠢᠯᠴᠢᠤᠨ ᠤᠨ ᠴᠠᠯᠢᠩ ᠢ ᠥᠷᠢᠲᠦᠬᠦ ᠶᠢ ᠰᠡᠷᠭᠡᠶᠢᠯᠡᠬᠦ ᠬᠡᠷᠡᠭᠲᠡᠢ ᠭᠡᠵᠦ ᠵᠠᠬᠢᠪᠠ᠃ ᠪᠠᠯᠠ ᠣᠷᠣᠭᠤᠯᠤᠯᠲᠠ ᠶᠢᠨ ᠲᠥᠯᠥᠪᠵᠢᠭᠦᠯᠭᠡ ᠶᠢᠨ ᠭᠠᠵᠠᠷ ᠲᠤ᠂ ᠲᠡᠷᠡ ᠪᠥᠬᠦ ᠣᠷᠣᠨ ᠤ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠬᠦᠰᠦᠨᠦᠭᠲᠦ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ ᠂ ᠪᠥᠬᠦ ᠣᠷᠣᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠡᠯ᠎ᠡ ᠠᠶᠢᠮᠠᠭ ᠬᠤᠲᠠ ᠶᠢ ᠵᠢᠯᠣᠭᠤᠳᠴᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃ ᠠᠵᠤ ᠠᠬᠤᠢ ᠶᠢᠨ ᠡᠷᠭᠢᠯᠳᠡ ᠶᠢᠨ ᠲᠣᠪᠴᠢᠶ᠎ᠠ ᠳᠤ ᠲᠡᠷᠡ᠂ ᠡᠨᠡ ᠪᠣᠯ ᠳᠠᠷᠤᠢ ︽ᠪᠠᠶᠢᠯᠳᠤᠭᠠᠨ︾ ᠤ ᠵᠢᠯᠣᠭᠤᠳᠬᠤ ᠲᠠᠰᠤᠭ ᠪᠣᠯᠤᠨ᠎ᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠶᠡᠭᠡ ᠶᠢ ᠠᠳᠬᠤᠵᠤ ᠪᠠᠭ᠎ᠠ ᠶᠢ ᠦᠯᠦ ᠲᠠᠯᠪᠢᠬᠤ ᠶᠢ ᠪᠠᠷᠢᠮᠲᠠᠯᠠᠵᠤ᠂ ᠲᠤᠬᠢᠷᠠᠭᠤᠯᠤᠯᠳᠠ ᠶᠢᠨ ᠴᠠᠬᠴᠢ ᠴᠢᠨᠠᠷ᠂ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠠᠵᠢᠯ ᠲᠦᠷᠦᠯ ᠨᠢᠭᠡᠪᠦᠷᠢ ᠶᠢᠨ ᠪᠠᠶᠢᠳᠠᠯ᠂ ᠠᠶᠢᠮᠠᠭ ᠬᠤᠲᠠ ᠨᠢᠭᠡᠪᠦᠷᠢ ᠶᠢᠨ ᠪᠠᠶᠢᠳᠠᠯ ᠳᠤ ᠪᠦᠷ ᠳᠣᠲᠣᠷ᠎ᠠ ᠪᠠᠨ ᠲᠤᠭ᠎ᠠ ᠲᠠᠢ ᠪᠠᠶᠢᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠠᠵᠤ ᠠᠬᠤᠢ ᠶᠢᠨ ᠡᠷᠭᠢᠯᠳᠡ ᠳᠤᠮᠳᠠᠬᠢ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ᠃    ᠳᠠᠷᠠᠭ᠎ᠠ ᠨᠢ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠡᠷᠭᠢᠯᠳᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠦᠢᠯᠡᠳᠪᠦᠷᠢ ᠨᠢ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠰᠢᠨ᠎ᠡ ᠵᠠᠮ ᠨᠡᠬᠡᠭᠡᠵᠦ ᠳᠤᠮᠳᠠ ᠲᠦᠪᠰᠢᠨ ᠳᠤ ᠤᠷᠤᠬᠤ ᠳᠤᠮᠳᠠ ᠴᠢᠬᠤᠯᠠ ᠡᠭᠦᠷᠭᠡ ᠡᠭᠦᠷᠭᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠣᠷᠴᠢᠮ ᠨᠡᠮᠡᠭᠳᠡᠭᠦᠯᠬᠦ ᠬᠠᠷᠠᠯᠲᠠ ᠶᠢ ᠪᠠᠷᠢᠮᠲᠠᠯᠠᠵᠤ᠂ ᠬᠦᠴᠢᠷ ᠪᠡᠷᠬᠡᠰᠢᠶᠡᠯ ᠥᠷᠢᠰᠥᠯᠳᠦᠭᠡᠨ ᠢ ᠪᠥᠬᠦ ᠬᠦᠴᠦᠨ ᠢᠶᠠᠷ ᠢᠶᠠᠨ ᠢᠯᠡᠨ ᠳᠠᠪᠠᠵᠤ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠬᠤ ᠬᠡᠷᠡᠭᠲᠡᠶ᠃ ︽ᠵᠢᠷᠭᠤᠭᠠᠨ ᠠᠵᠢᠯᠯᠠᠭ᠎ᠠ︾ ᠳᠤᠮᠳᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ 1398 ᠭᠤᠤᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ︔ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ ᠢ ᠨᠢ ᠥᠷᠭᠡᠳᠭᠡᠵᠦ᠂ ᠬᠠᠮᠢᠶ᠎ᠠ ᠪᠥᠬᠦᠶ ᠡᠬᠢᠨ ᠤ ᠪᠠ ᠡᠴᠦᠰ ᠤᠨ ᠭᠡᠯᠬᠢᠶ᠎ᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠬᠡᠷᠡᠭᠲᠡᠢ︔ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠠᠬᠤᠶᠢᠯᠠᠯ ᠪᠣᠯᠤᠨ ᠴᠢᠳᠠᠪᠤᠷᠢᠲᠠᠨ ᠳᠤ ᠬᠥᠭᠦᠷᠭᠡ ᠬᠤᠯᠪᠣᠭᠠᠰᠤ ᠪᠤᠯᠵᠤ᠂ ᠠᠵᠤ ᠦᠢᠯᠡᠰ ᠤᠨ ᠬᠥᠭᠵᠢᠯᠲᠡ ᠪᠠᠷ ᠨᠡᠩ ᠤᠯᠠᠨ ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ︔ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠭᠤᠤᠯᠳᠠᠯᠭ᠎ᠠ ᠲᠠᠢ ᠠᠵᠢᠯ ᠲᠥᠷᠥᠯ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠩ ᠣᠯᠠᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠪᠠ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠬᠡᠷᠡᠭᠲᠡᠶ︔ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠣᠷᠣᠨ ᠪᠦᠰᠡ ᠶᠢᠨ ᠬᠤᠭᠤᠷᠣᠨᠳᠣᠬᠢ᠂ ᠣᠷᠣᠨ ᠨᠤᠲᠤᠭ ᠤᠨ ᠬᠤᠭᠤᠷᠣᠨᠳᠣᠬᠢ ᠠᠵᠤ ᠦᠢᠯᠡᠰ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠦᠬᠦ ᠣᠷᠣᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠳᠤ ᠨᠡᠶᠢᠴᠡᠬᠦ ᠠᠵᠤ ᠦᠢᠯᠡᠰ ᠤᠨ ᠲᠦᠷᠦᠯ ᠵᠦᠢᠯ ᠢ ᠰᠠᠶᠢᠲᠤᠷ ᠳᠡᠮᠵᠢᠬᠦ ᠬᠡᠷᠡᠭᠲᠡᠢ︔ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠦᠢᠯᠡᠳᠪᠦᠷᠢ ᠶᠢᠨ ᠲᠡᠦᠬᠡ ᠰᠣᠶᠣᠯ ᠢ ᠭᠦᠨᠵᠡᠭᠡᠶ ᠠᠭᠤᠳᠠᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠶ᠃ ︽ᠠᠷᠪᠠᠨ ᠶᠡᠭᠡ ᠠᠵᠤ ᠦᠢᠯᠡᠰ ᠤᠨ ᠪᠦᠯᠦᠭᠵᠢᠯ︾ ᠢ ᠴᠣᠭᠴᠠᠯᠠᠬᠤ ᠳᠤᠮᠳᠠ ᠭᠤᠣᠯ ᠰᠢᠪᠲᠤᠯᠤᠯᠲᠠ ᠬᠢᠵᠦ᠂ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠦᠭᠡᠶᠢᠵᠢᠯᠳᠡ ᠶᠢᠨ ᠬᠠᠷᠠᠯᠲᠠ ᠶᠢ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠦᠳᠤᠯᠤᠨ ᠳᠠᠭᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠦᠷᠦᠭᠦᠦ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠶᠤᠤ ᠶᠦᠩ ᠪᠥᠸᠧ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号