ᠪᠠᠢ ᠬᠠᠢ ᠯᠢᠨ ᠠᠯᠠᠱᠠ ᠠᠭᠤᠯᠠ ᠶᠢᠨ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/3/10
    3 ᠳ᠋ᠤᠭᠠᠷ ᠰᠠᠷ᠎ᠠ ᠶᠢᠨ 5᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠠᠭᠤᠯᠠ ᠶᠢᠨ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
1.jpg
    ᠬᠤᠩ ᠯᠢ ᠳ᠋ᠡ ᠯᠢᠩ ᠨᠡᠭᠦᠷᠡᠰᠦᠨ ᠠᠭᠤᠷᠬᠠᠢ᠂ ᠲᠠᠢ ᠰᠢ ᠨᠡᠭᠦᠷᠡᠰᠦᠨ ᠠᠭᠤᠷᠬᠠᠢ ᠶᠢᠨ ᠡᠯ ᠳ᠋ᠤᠤ ᠯᠢᠩ ᠨᠡᠭᠦᠷᠡᠰᠦᠨ ᠠᠭᠤᠷᠬᠠᠢ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠵᠠᠰᠠᠯᠲᠠ ᠶᠢᠨ ᠣᠷᠣᠨ ᠳᠤ᠂ ᠪᠠᠢ ᠬᠠᠢ ᠯᠢᠨ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠠᠯᠠᠱᠠ ᠠᠭᠤᠯᠠ ᠪᠣᠯ ᠠᠯᠠᠱᠠ ᠶᠢᠨ ᠡᠬᠡ ᠠᠭᠤᠯᠠ ᠮᠥᠨ᠂ ᠵᠠᠰᠠᠯᠲᠠ ᠶᠢᠨ ᠣᠷᠣᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠬᠡᠮ ᠰᠣᠭᠤᠭ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠠᠷᠢᠯᠭᠠᠨ᠂ ᠬᠠᠤᠯᠢ ᠲᠣᠭᠲᠠᠭᠠᠯ ᠠᠴᠠ ᠵᠥᠷᠢᠴᠡᠨ ᠨᠡᠭᠡᠭᠡᠨ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠪᠠᠬᠢᠵᠢᠭᠦᠯᠬᠦ ᠬᠡᠷᠡᠭᠲᠡᠶ ᠭᠡᠪᠠ᠃
2.jpg
    ᠲᠢᠶᠠᠨ ᠷᠦᠩ ᠨᠡᠭᠦᠷᠡᠰᠦᠨ ᠠᠭᠤᠷᠬᠠᠢ᠂ ᠴᠡᠨᠳᠡᠯ ᠨᠡᠭᠦᠷᠡᠰᠦᠨ ᠠᠭᠤᠷᠬᠠᠢ ᠳᠤ᠂ ᠪᠠᠢ ᠬᠠᠢ ᠯᠢᠨ ᠠᠭᠤᠷᠬᠠᠢ ᠶᠢᠨ ᠣᠷᠣᠨ ᠤ ᠲᠥᠯᠥᠪᠵᠢᠭᠦᠯᠭᠡ᠂ ᠨᠡᠭᠦᠷᠡᠰᠦᠨ ᠠᠭᠤᠷᠬᠠᠢ ᠶᠢᠨ ᠪᠦᠳᠦᠭᠡᠨ ᠪᠠᠶᠢᠭᠤᠯᠤᠯᠲᠠ᠂ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠭᠤᠷᠬᠠᠢ ᠶᠢᠨ ᠣᠷᠣᠨ ᠤ ᠲᠥᠯᠥᠪᠵᠢᠭᠦᠯᠭᠡ ᠶᠢ ᠱᠠᠯᠠᠪᠳᠠᠨ ᠲᠡᠭᠦᠯᠳᠡᠷᠵᠢᠭᠦᠯᠵᠦ᠂ ᠠᠭᠤᠷᠬᠠᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠵᠦ᠂ ᠲᠦᠷᠦᠯ ᠵᠦᠢᠯ ᠤᠨ ᠡᠮᠦᠨᠡᠬᠢ ᠬᠤᠭᠤᠴᠠᠭ᠎ᠠ ᠪᠣᠯᠤᠨ ᠭᠠᠷ ᠭᠦᠢᠴᠡᠳᠬᠡᠯ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠢ ᠪᠠᠲᠤᠯᠠᠭᠰᠠᠨ ᠤᠷᠢᠲᠠᠯ ᠳᠣᠣᠷ᠎ᠠ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠢᠶᠠᠨ ᠡᠷᠲᠡᠬᠡᠨ ᠰᠡᠷᠭᠦᠭᠡᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠢᠯᠡᠴᠢᠯᠡᠭᠡ ᠪᠠᠨ ᠴᠢᠩ ᠰᠡᠳᠬᠢᠯ ᠠᠴᠠ ᠪᠠᠨ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠬᠠᠪᠰᠤᠷᠤᠨ ᠰᠢᠢᠳᠪᠦᠶᠢᠯᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃    ᠪᠦᠦ ᠶᠧ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号