3 ᠳ᠋ᠤᠭᠠᠷ ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠳᠠᠷᠤᠭ᠎ᠠ ᠪᠠᠶ ᠬᠠᠶ ᠯᠢᠨ ᠪᠣᠯᠤᠨ ᠭᠤᠸᠠᠩᠳᠦ᠋ᠩ ᠮᠤᠵᠢ ᠶᠢᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | ᠶᠡᠷᠦᠩᠬᠡᠶ ᠳᠠᠭᠠᠭᠠᠮᠠᠯ ᠸᠧᠨ ᠯᠢᠶᠠᠨ ᠾᠧ ᠶᠠᠷᠢᠯᠴᠠᠵᠦ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠠᠵᠤ | ᠦᠢᠯᠡᠰ ᠤᠨ ᠬᠥᠭᠵᠢᠯᠲᠡ᠂ ᠨᠡᠭᠦᠷᠡᠰᠦ ᠨᠥᠭᠡᠴᠡᠯᠡᠵᠦ ᠳᠣᠭᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠵᠡᠷᠭᠡ ᠶᠠᠪᠤᠳᠠᠯ ᠤᠨ ᠲᠤᠬᠠᠶ ᠭᠦᠨᠵᠡᠭᠡᠶ ᠰᠣᠯᠢᠯᠴᠠᠪᠠ᠃ | | | | | | | | | | | | | | | | ᠪᠠᠢ ᠬᠠᠢ ᠯᠢᠨ ᠸᠧᠨ ᠯᠢᠶᠠᠨ ᠾᠧ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ | ᠠᠯᠠᠱᠠ ᠶᠢᠨ ᠣᠷᠣᠨ ᠵᠠᠢ ᠥᠷᠭᠡᠨ ᠠᠭᠤᠳᠠᠮ᠂ ᠤᠨᠴᠠᠯᠢᠬᠳᠤ ᠡᠬᠢ ᠪᠠᠶᠠᠯᠢᠭ ᠡᠯᠪᠡᠭ᠂ ᠠᠵᠤ ᠦᠢᠯᠡᠰ ᠤᠨ | ᠰᠠᠭᠤᠷᠢ ᠰᠠᠶᠢᠨ ᠪᠠᠶᠢᠵᠤ᠂ ᠶᠠᠭ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠪᠦᠬᠦ ᠤᠯᠤᠰ ᠤᠨ ᠳ᠋ᠦᠩᠰᠢᠭᠤᠷ ᠺᠢᠯᠣᠸᠠᠲ ᠤᠨ ᠰᠢᠨ᠎ᠡ ᠡᠨᠧᠷᠭᠢ ᠶᠢᠨ ᠴᠢᠬᠤᠯᠠ ᠲᠤᠮᠤ | ᠰᠠᠭᠤᠷᠢᠨ ᠪᠣᠯᠤᠨ ᠤᠯᠤᠰ ᠤᠨ ᠲᠡᠰ ᠤᠨ ᠰᠢᠨ᠎ᠡ ᠡᠨᠧᠷᠭᠢ ᠶᠢ ᠥᠪᠡᠰᠦᠪᠡᠨ ᠬᠡᠷᠡᠭᠯᠡᠵᠦ ᠰᠢᠩᠭᠡᠭᠡᠬᠦ ᠵᠢᠱᠢᠶ᠎ᠡ | ᠦᠵᠡᠭᠦᠯᠬᠦ ᠰᠠᠭᠤᠷᠢᠨ ᠢ ᠬᠦᠴᠦ ᠪᠠᠨ ᠲᠥᠪᠯᠡᠷᠡᠭᠦᠯᠦᠨ ᠪᠠᠶᠢᠭᠤᠯᠵᠤ ᠪᠠᠶᠢᠨ᠎ᠠ᠃ ᠠᠵᠤ ᠠᠬᠤᠶᠢᠯᠠᠯ ᠤᠨ ᠬᠢᠨ ᠲᠣᠰ | ᠪᠡᠶ᠎ᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠬᠠᠮᠲᠤ ᠪᠠᠷ ᠭᠠᠷ ᠬᠤᠯᠪᠣᠨ ︽ᠡᠬᠢ ᠪᠠᠶᠠᠯᠢᠭ ᠢ | ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ | ᠭᠥᠷᠳᠡᠬᠦ︾ ᠠᠵᠢᠯ ᠢ ᠰᠠᠶᠢᠲᠤᠷ ᠬᠢᠵᠦ᠂ ᠬᠡᠷᠡᠯ ᠢᠯᠴᠢ ᠶᠢ ᠨᠢᠭᠡ ᠴᠣᠭᠴᠠᠵᠢᠭᠤᠯᠬᠤ᠂ ᠴᠡᠪᠡᠷ ᠴᠠᠬᠢᠯᠭᠠᠨ ᠢ | ᠰᠢᠩᠭᠡᠭᠡᠬᠦ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠭᠡᠭᠡ ᠵᠡᠷᠭᠡ ᠬᠠᠮᠲᠤᠷᠠᠯᠴᠠᠭᠠᠨ ᠤ ᠲᠥᠷᠥᠯ ᠵᠦᠢᠯ ᠢ | ᠡᠷᠲᠡᠬᠡᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠬᠦᠷᠢᠶ᠎ᠡ᠂ ᠨᠠᠩ ᠥᠨᠳᠥᠷ ᠲᠦᠪᠰᠢᠨ | ᠪᠥᠬᠦᠶ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠬᠦ ᠶᠢ ᠬᠦᠰᠡᠵᠦ ᠪᠠᠶᠢᠨ᠎ᠠ᠃ ᠠᠯᠠᠱᠠ | ᠬᠠᠮᠤᠭ ᠤᠨ ᠶᠡᠭᠡ ᠦᠨᠡᠨᠴᠢ ᠰᠡᠳᠬᠢᠯ ᠢᠶᠠᠷ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ | ᠦᠨᠡᠨ ᠬᠦ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠬᠦ ᠪᠣᠯᠤᠨ᠎ᠠ ᠭᠡᠪᠡ᠃ | ᠸᠧᠨ ᠯᠢᠶᠠᠨ ᠾᠧ᠂ ᠠᠯᠠᠱᠠ ᠶᠢᠨ ᠬᠠᠷᠢᠴᠠᠭᠤᠯᠤᠭᠰᠠᠨ ᠳᠠᠪᠠᠭᠤᠯᠢᠭ ᠲᠣᠪᠤᠶᠢᠮ᠎ᠠ᠂ ᠬᠥᠭᠵᠢᠯᠲᠡ ᠶᠢᠨ | ᠬᠠᠨᠳᠤᠰᠢ ᠰᠠᠶᠢᠨ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠰᠠᠭᠤᠷᠢ ᠲᠠᠢ᠂ ᠠᠯᠤᠰ ᠢᠷᠡᠭᠡᠳᠦᠶ ᠲᠠᠢ ᠶᠤᠮ᠂ | ᠭᠤᠸᠠᠩᠳᠦ᠋ᠩ ᠮᠤᠵᠢ ᠶᠢᠨ ᠡᠨᠧᠷᠭᠢ ᠶᠢᠨ ᠪᠦᠯᠦᠭᠯᠡᠯ ᠤᠨ ᠬᠢᠨ ᠣᠷᠣᠨ ᠨᠤᠲᠤᠭ ᠪᠠ ᠠᠵᠤ ᠠᠬᠤᠶᠢᠯᠠᠯ ᠤᠨ | ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃ | ᠯᠢᠦ ᡁᠢ ᠴᠢᠶᠠᠩ᠂ ᠪᠦᠦ ᠶᠧ ᠣᠷᠣᠯᠴᠠᠵᠠᠢ᠃ |