ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2025/3/10
    3 ᠳ᠋ᠤᠭᠠᠷ ᠰᠠᠷ᠎ᠠ ᠶᠢᠨ 6᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠵᠦ᠂ ᠠᠵᠤ ᠠᠬᠤᠶ ᠶᠢᠨ ᠡᠷᠭᠢᠯᠲᠡ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠪᠡ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠠᠶᠢᠮᠠᠭ ᠤᠨ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠢᠷᠭᠤᠭᠠᠨ ᠠᠵᠢᠯᠯᠠᠭ᠎ᠠ︾᠎ ᠶᠢ ᠯᠠᠪᠳᠠᠭᠤᠨ ᠪᠠᠲᠤᠲᠠᠶ ᠠᠬᠢᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠡᠯ᠎ᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠨᠢ ᠢᠳᠡᠪᠬᠢᠲᠡᠶ ᠰᠢᠢᠳᠪᠦᠷᠢᠯᠡᠨ ᠥᠭᠴᠦ᠂ ᠪᠥᠬᠦ ᠬᠦᠴᠦᠨ ᠢᠶᠠᠷ ᠢᠶᠠᠨ ᠨᠡᠮᠡᠭᠳᠡᠯ ᠢ ᠥᠷᠭᠡᠳᠬᠡᠨ ᠳᠠᠯᠳᠠ ᠬᠦᠴᠦᠨ ᠢ ᠢᠯᠡᠷᠡᠬᠦᠯᠵᠦ᠂ ᠪᠥᠬᠦ ᠠᠶᠢᠮᠠᠭ ᠤᠨ ᠠᠵᠤ ᠠᠬᠤᠶ ᠶᠢᠨ ︽ᠰᠠᠶᠢᠨ ᠡᠬᠢᠯᠡᠯᠲᠡ︾᠂ ᠪᠥᠬᠦ ᠵᠢᠯ ᠤᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ︽ᠴᠠᠭ ᠢᠮᠠᠭᠲᠠ ᠰᠡᠳᠬᠢᠯ ᠠᠮᠤᠷ ᠦᠬᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠤᠯᠤᠰ ᠲᠦᠷᠦ᠂ ᠠᠵᠤ ᠠᠬᠤᠢ᠂ ᠠᠮᠢ ᠠᠬᠤᠢ᠂ ᠨᠡᠶᠢᠭᠡᠮ ᠵᠡᠷᠭᠡ ᠬᠦᠷᠢᠶᠡᠨ ᠤ ᠠᠮᠤᠷ ᠲᠦᠪᠰᠢᠨ ᠤ ᠰᠠᠨᠠᠭᠠᠴᠢᠯᠠᠭᠠᠲᠤ ᠠᠵᠢᠯ ᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠱᠦᠵᠢ ᠨᠡᠷ ᠤᠨ ᠭᠠᠵᠠᠷ ᠤᠨ ᠱᠦᠵᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠬᠡᠰᠢᠬᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠳᠤᠭᠤᠶᠢᠯᠠᠩ ᠤᠨ ᠱᠦᠵᠢ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠬᠦ ᠦᠶ᠎ᠡ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ︽ᠬᠤᠶᠠᠷ ᠢ ᠳᠣᠭᠳᠠᠭᠠᠭᠰᠠᠨ︾᠎ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠶᠢ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠪᠠ ᠤᠯᠤᠰ ᠲᠥᠷᠥ ᠶᠢᠨ ᠶᠣᠰᠣ ᠲᠦᠷᠢᠮ ᠪᠣᠯᠭᠠᠵᠤ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠣᠶ ᠪᠣᠯᠭᠠᠨ ᠦᠢᠯᠡᠳᠦᠯᠭᠡᠵᠢᠬᠦᠯᠵᠦ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠣᠭᠳᠠᠯᠴᠠᠭ᠎ᠠ ᠶᠢ ᠪᠦᠷᠢᠨᠰᠢᠬᠦᠯᠦᠶ᠎ᠡ︾ ᠭᠡᠬᠦ ᠴᠢᠬᠤᠯᠠ ᠵᠣᠬᠢᠶᠠᠯ ᠢ ᠤᠯᠠᠮᠵᠢᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠣᠭᠳᠠᠯᠴᠠᠭ᠎ᠠ ᠶᠢ ᠪᠦᠷᠢᠨᠰᠢᠬᠦᠯᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ᠨᠢᠭᠡᠳᠦᠮᠡᠯ ᠹᠷᠣᠨᠲ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠬᠢᠨᠠᠨ ᠪᠤᠳᠤᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠰᠤᠮᠤ ᠪᠠᠯᠭᠠᠰᠤ ︵ᠵᠡᠭᠡᠯᠢ ᠭᠤᠳᠤᠮᠵᠢ︶᠎ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠵᠦᠢᠯᠡᠰ ᠤᠨ ᠨᠠᠷᠢᠨ ᠲᠠᠩᠰᠠ ᠶᠢ ᠳᠡᠯᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠷᠢᠯᠠᠭᠤᠯᠪᠠ᠃    ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号