ᠪᠠᠢ ᠬᠠᠢ ᠯᠢᠨ ᠠᠯᠠᠱᠠ ᠶᠢᠨ SEE ᠠᠮᠢ ᠠᠬᠤᠢ ᠶᠢᠨ ᠨᠡᠶᠢᠭᠡᠮᠯᠢᠭ ᠤᠨ ᠳᠠᠷᠤᠭ᠎ᠠ ᠯᠢᠦ ᠮᠢᠩ ᠳ᠋ᠡ ᠲᠠᠢ ᠠᠭᠤᠯᠵᠠᠪᠠ
ᠨᠡᠶᠢᠲᠡᠯᠡᠭᠰᠡᠨ ᠴᠠᠭ᠄
2025/3/10
    3 ᠳ᠋ᠤᠭᠠᠷ ᠰᠠᠷ᠎ᠠ ᠶᠢᠨ 6᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠶᠢᠨ SEE ᠠᠮᠢ ᠠᠬᠤᠶ ᠶᠢᠨ ᠨᠡᠶᠢᠭᠡᠮᠯᠢᠭ ᠤᠨ ᠳᠠᠷᠤᠭ᠎ᠠ ᠯᠢᠦ ᠮᠢᠩ ᠳ᠋ᠡ ᠲᠠᠢ ᠠᠭᠤᠯᠵᠠᠪᠠ᠃
1.jpg
    ᠪᠠᠢ ᠬᠠᠢ ᠯᠢᠨ ᠯᠢᠦ ᠮᠢᠩ ᠳ᠋ᠡ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠤᠯᠠᠨ ᠵᠢᠯ ᠤᠨ ᠲᠤᠷᠰᠢ ᠠᠯᠠᠱᠠ ᠶᠢᠨ SEE ᠠᠮᠢ ᠠᠬᠤᠢ ᠶᠢᠨ ᠨᠡᠶᠢᠭᠡᠮᠯᠢᠭ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠠᠮᠢ ᠠᠬᠤᠢ ᠶᠢᠨ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ ᠠᠯᠠᠱᠠ ᠪᠣᠯ ᠥᠪᠥᠷ ᠮᠣᠩᠭᠤᠯ ᠤᠨ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠡᠷᠭᠡ ᠶᠢ ᠳᠠᠪᠠᠭ᠋ᠣ ᠠᠵᠢᠯ ᠤᠨ ᠭᠤᠣᠯ ᠲᠠᠯᠠᠪᠤᠷ ᠪᠣᠯᠤᠨ᠎ᠠ᠂ ᠮᠠᠨ ᠤ ᠤᠯᠤᠰ ᠤᠨ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠰᠠᠭᠤᠷᠢᠨ ᠢ ᠬᠦᠴᠦ ᠪᠠᠨ ᠲᠥᠪᠯᠡᠷᠡᠭᠦᠯᠦᠨ ᠴᠣᠭᠴᠠᠯᠠᠵᠤ ᠪᠠᠶᠢᠨ᠎ᠠ᠂ ᠠᠯᠠᠱᠠ ᠶᠢᠨ SEE ᠠᠮᠢ ᠠᠬᠤᠢ ᠶᠢᠨ ᠨᠡᠶᠢᠭᠡᠮᠯᠢᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠨᠡᠶᠢᠭᠡᠮ ᠤᠨ ᠬᠦᠴᠦᠨ ᠢ ᠥᠷᠭᠡᠨ ᠢᠶᠠᠷ ᠲᠠᠶᠢᠴᠢᠯᠠᠨ ᠠᠯᠠᠱᠠ ᠶᠢᠨ ᠠᠮᠢ ᠠᠬᠤᠢ ᠶᠢᠨ ᠵᠠᠰᠠᠯᠲᠠ ᠳᠤ ᠣᠷᠣᠯᠴᠠᠭᠤᠯᠵᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠪᠡ᠃    ᠯᠢᠦ ᠮᠢᠩ ᠳ᠋ᠡ ᠠᠯᠠᠱᠠ ᠶᠢᠨ ᠣᠷᠳᠣ ᠬᠤᠭᠤᠴᠠᠭᠠᠨ ᠤ ᠲᠤᠷᠰᠢ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ  ᠬᠦᠢᠴᠡᠳ ᠪᠠᠳᠠᠷᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ ᠦᠢᠯᠡᠳᠦᠯᠭᠡᠵᠢᠬᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠨᠠᠩ ᠣᠯᠠᠨ ᠮᠡᠷᠭᠡᠵᠢᠯ  ᠎ ᠤᠨ ᠠᠷᠭ᠎ᠠ ᠵᠠᠮ ᠪᠣᠯᠤᠨ ᠵᠠᠰᠠᠯᠲᠠ ᠶᠢᠨ ᠭᠡᠪ ᠮᠠᠶ᠋ᠢᠭ ᠢ ᠰᠦᠪᠡᠭᠴᠢᠯᠡᠨ ᠰᠢᠨᠡᠴᠢᠯᠡᠵᠦ᠂ ᠠᠯᠠᠱᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号