ᠬᠤᠸᠠᠩ ᠶᠠ ᠯᠢ᠂ ᠪᠠᠢ ᠬᠠᠢ ᠯᠢᠨ ᠵᠢᠶᠦ᠋ᠨ ᠵᠧᠩ ᠪᠦᠯᠦᠭᠯᠡᠯ ᠤᠨ ᠶᠡᠷᠦᠩᠬᠡᠢ ᠵᠠᠬᠢᠷᠣᠯ ᠬᠤᠸᠠᠩ ᠾᠦᠢ ᠎ ᠲᠠᠢ ᠠᠭᠤᠯᠵᠠᠪᠠ
ᠨᠡᠶᠢᠲᠡᠯᠡᠭᠰᠡᠨ ᠴᠠᠭ᠄
2025/3/10
    3 ᠰᠠᠷ᠎ᠠ ᠶᠢᠨ 6᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠵᠢᠶᠦ᠋ᠨ ᠵᠧᠩ ᠪᠦᠯᠦᠭᠯᠡᠯ ᠤᠨ ᠬᠡᠷᠡᠭ ᠮᠡᠳᠡᠭᠴᠢᠳ ᠤᠨ ᠵᠦᠪᠯᠡᠯ ᠤᠨ ᠳᠡᠳ᠋ ᠲᠡᠷᠢᠭᠦᠯᠡᠭᠴᠢ᠂ ᠶᠡᠷᠦᠩᠬᠡᠢ ᠵᠠᠬᠢᠷᠣᠯ ᠬᠤᠸᠠᠩ ᠾᠦᠢ ᠨᠠᠷ ᠲᠠᠢ ᠠᠭᠤᠯᠵᠠᠪᠠ᠃
1.jpg
    ᠬᠤᠸᠠᠩ ᠶᠠ ᠯᠢ ᠬᠤᠸᠠᠩ ᠾᠦᠢ ᠨᠠᠷ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠶᠠᠭ ᠳ᠋ᠦᠩᠰᠢᠭᠤᠷ  ᠺᠢᠯᠣᠸᠠᠲ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠤᠯᠤᠰ ᠤᠨ ᠲᠠᠰ ᠤᠨ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠪᠣᠯᠤᠨ ᠤᠯᠤᠰ ᠤᠨ ᠲᠠᠰ ᠤᠨ ᠰᠢᠨ᠎ᠡ ᠡᠨᠧᠷᠭᠢ ᠶᠢ ᠰᠢᠩᠭᠡᠭᠡᠨ ᠠᠪᠬᠤ ᠵᠢᠱᠢᠶ᠎ᠡ ᠦᠵᠡᠭᠦᠯᠬᠦ ᠰᠠᠭᠤᠷᠢᠨ ᠢ ᠲᠦᠷᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠬᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠵᠢᠶᠦ᠋ᠨ ᠵᠧᠩ ᠪᠦᠯᠦᠭᠯᠡᠯ ᠤᠨ ᠪᠠᠯᠠ ᠣᠷᠣᠭᠤᠯᠤᠯᠲᠠ ᠶᠢᠨ ᠪᠠᠶᠢᠷᠢᠰᠢᠭᠤᠯᠤᠯᠲᠠ ᠲᠠᠢ ᠮᠠᠰᠢ ᠨᠡᠶᠢᠴᠡᠵᠦ ᠪᠠᠶᠢᠨ᠎ᠠ᠃ ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠣᠯ ᠠᠯᠠᠱᠠ ᠠᠶᠢᠮᠠᠭ ᠬᠢᠭᠡᠳ ᠦᠬᠠᠶ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠣᠳᠠᠲᠠᠶ ᠢᠯᠡᠷᠡᠯ ᠪᠣᠯᠬᠤ ᠪᠥᠭᠡᠳ ᠪᠠᠰᠠ ᠴᠤ ᠣᠷᠣᠨ ᠨᠤᠲᠤᠭ ᠬᠢᠭᠡᠳ ᠠᠵᠤ ᠠᠬᠤᠶᠢᠯᠠᠯ ᠤᠨ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠠᠮᠢᠳᠤᠯᠢᠭ ᠦᠢᠯᠡᠳᠦᠯᠬᠡ ᠪᠣᠯᠤᠨ᠎ᠠ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠭᠠᠷ ᠤᠨ ᠦᠰᠦᠭ ᠵᠢᠷᠤᠭᠰᠠᠨ ᠢᠶᠠᠷ ᠠᠵᠠ ᠲᠣᠬᠢᠶᠠᠯ ᠪᠣᠯᠭᠠᠵᠤ᠂ ᠬᠤᠣᠰ ᠴᠢᠭᠯᠡᠯ ᠢᠶᠠᠷ ᠤᠷᠤᠭᠰᠢᠯᠠᠵᠤ᠂ ᠬᠠᠮᠲᠤ ᠪᠠᠷ ᠬᠦᠴᠦᠯᠡᠵᠦ᠂ ᠭᠡᠷ᠎ᠡ ᠲᠣᠭᠲᠠᠭᠰᠠᠨ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠴᠡᠪᠡᠷ ᠴᠠᠬᠢᠯᠭᠠᠨ ᠴᠡᠪᠡᠷ ᠡᠨᠧᠷᠭᠢ ᠶᠢ ᠰᠢᠩᠭᠡᠭᠡᠬᠦ ᠣᠷᠣᠨ ᠵᠠᠢ ᠶᠢ ᠦᠷᠭᠦᠯᠵᠢᠯᠡᠨ ᠥᠷᠭᠡᠳᠬᠡᠵᠦ᠂ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠤᠯᠪᠣᠭᠠᠯᠠᠨ ᠬᠥᠭᠵᠢᠬᠦ ᠶᠢ ᠬᠦᠰᠡᠵᠦ ᠪᠠᠶᠢᠨ᠎ᠠ ᠭᠡᠪᠡ᠃
2.jpg
    ᠬᠤᠸᠠᠩ ᠾᠦᠢ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠠᠨᠢᠯᠴᠠᠭᠤᠯᠵᠤ᠂ ᠪᠦᠯᠦᠭᠯᠡᠯ ᠤᠨ ᠰᠢᠨ᠎ᠡ ᠡᠨᠧᠷᠭᠢ ᠶᠢᠨ ᠠᠵᠤ ᠦᠢᠯᠡᠰ ᠪᠣᠯᠤᠨ  ᠴᠡᠪᠡᠷ ᠴᠠᠬᠢᠯᠭᠠᠨ ᠢᠶᠠᠷ ᠤᠰᠤᠲᠥ᠋ᠷᠥᠭᠴᠢ ᠰᠢᠪᠲᠦᠷ ᠠᠯᠺᠣᠣᠯ ᠢ ᠦᠢᠯᠡᠳᠬᠦ ᠵᠡᠷᠭᠡ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠳᠠᠬᠢ ᠳᠠᠪᠠᠭᠤᠯᠢᠭ ᠢ ᠪᠠᠳᠠᠷᠠᠭᠤᠯᠵᠤ᠂ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠷᠳᠤ ᠬᠤᠭᠤᠴᠠᠭᠠᠨ ᠤ ᠠᠯᠤᠰ ᠬᠡᠳᠤ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠪᠦᠷᠢᠯᠳᠦᠭᠦᠯᠵᠦ᠂ ᠠᠯᠠᠱᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠪᠡ᠃
3.jpg
    ᠠᠭᠤᠯᠵᠠᠯᠲᠠ ᠶᠢᠨ ᠳᠠᠷᠠᠭ᠎ᠠ᠂ ᠠᠯᠠᠱᠠ ᠠᠶᠢᠮᠠᠭ ᠤᠨ ᠵᠠᠬᠢᠷᠭ᠎ᠠ ᠪᠣᠯᠤᠨ ᠵᠢᠶᠦ᠋ᠨ ᠵᠧᠩ ᠪᠦᠯᠦᠭᠯᠡᠯ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠣᠭᠲᠠᠪᠠ᠃    ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠪᠦᠦ ᠶᠧ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号