ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
     3 ᠳ᠋ᠤᠭᠠᠷ ᠰᠠᠷ᠎ᠠ ᠶᠢᠨ 7᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠶᠠᠷ ᠥᠴᠦᠬᠡᠨ ᠴᠦ ᠭᠤᠶᠢᠪᠢᠰᠢ ᠦᠭᠡᠢ︾᠂ ︽ᠭᠤᠷᠪᠠ ᠶᠢ ᠬᠤᠪᠢᠷᠠᠭᠤᠯᠬᠤ ᠦᠭᠡᠢ︾ ᠴᠢᠭᠯᠡᠯᠲᠡ ᠲᠦᠷᠦ ᠶᠢᠨ ᠪᠤᠳᠤᠯᠭ᠎ᠠ ᠶᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠪᠡᠯᠡ ᠮᠥᠩᠭᠦ ᠴᠤᠭᠯᠠᠭᠤᠯᠬᠤ ᠵᠢᠭᠡᠯᠡᠯᠭᠡ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠵᠡᠷᠭᠡ ᠡᠯ᠎ᠡ ᠵᠦᠢᠯ ᠤᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ︽ᠴᠡᠪᠡᠷ︾ ︽ᠳᠣᠳᠣᠨᠣ︾ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠥᠷᠭᠡᠨ ᠤᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠢᠭᠡ ᠰᠡᠳᠬᠢᠯ ᠨᠢᠭᠡ ᠵᠣᠷᠢᠭ ᠢᠶᠠᠷ ᠠᠵᠤ ᠠᠬᠤᠶᠢᠯᠠᠯ᠂ ᠠᠵᠤ ᠦᠢᠯᠡᠰ ᠢ ᠬᠦᠴᠦᠷᠬᠡᠭᠵᠢᠭᠦᠯᠬᠦ ᠶᠢ ᠬᠦᠳᠦᠯᠦᠨ ᠵᠢᠯᠣᠭᠤᠳᠴᠤ᠂ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠳᠣᠷ ᠬᠦᠴᠦᠨ ᠨᠡᠮᠡᠷᠢᠯᠡᠬᠦ ᠭᠡᠷᠡᠭᠳᠡᠢ ᠬᠡᠵᠦ ᠴᠢᠬᠤᠯᠠᠴᠢᠯᠠᠪᠠ᠃     ᠬᠤᠷᠠᠯ ᠳᠤ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠬᠤᠶᠠᠷ ᠢ ᠦᠷᠭᠦᠯᠵᠢᠯᠡᠭᠦᠯᠬᠦ︾᠂ ︽ᠳᠥᠷᠪᠡᠨ ᠬᠦᠴᠦᠯᠡᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠰᠡᠳᠬᠢᠴᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ᠂ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠬᠤᠲᠠ ᠬᠥᠳᠡᠭᠡ ᠶᠢ ᠠᠭᠤᠰᠤᠯᠴᠠᠭᠤᠯᠤᠨ ᠦᠢᠯᠡᠳᠦᠯᠴᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠠᠶᠢᠮᠠᠭ ᠤᠨ ᠵᠠᠬᠢᠷᠭ᠎ᠠ ᠶᠢᠨ 2025 ᠣᠨ ᠤ ᠠᠵᠢᠯ ᠤᠨ ᠭᠤᠣᠯᠳᠠᠯᠭ᠎ᠠ ᠵᠢᠴᠢ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠢ ᠰᠤᠳᠤᠯᠵᠤ᠂ ᠪᠦᠬᠦ ᠵᠢᠯ ᠤᠨ ᠬᠠᠷᠠᠯᠲᠠ ᠪᠠᠨ ᠲᠣᠭᠲᠠᠭᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠪᠡᠯᠡᠳᠬᠡᠯ ᠠᠵᠢᠯ ᠢ ᠰᠠᠶᠢᠲᠤᠷ ᠬᠢᠵᠦ᠂ ᠳᠦᠷᠭᠡᠨ ᠬᠡᠷᠡᠭᠵᠢᠭᠦᠯᠵᠦ᠂ ᠴᠠᠭ ᠮᠥᠴᠡ ᠶᠢ ᠵᠠᠪᠳᠤᠬᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠰᠤᠷᠲᠠᠯ ᠢᠶᠠᠷ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号