3 ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ | ᠪᠠᠶ ᠬᠠᠶ ᠯᠢᠨ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠸᠢᠳᠢᠣ᠋ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ᠂ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ | ᠰᠡᠷᠡᠮᠵᠢ ᠶᠢᠨ ᠹᠢᠯᠢᠮ ᠤᠨ ᠢᠯᠡᠷᠡᠭᠦᠯᠦᠭᠰᠡᠨ ᠠᠰᠠᠭᠤᠳᠠᠯ ᠵᠡᠷᠭᠡ ᠶᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠶᠡᠭᠡ | ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | | | | | | | | | | | | | | | | | ᠪᠠᠶ ᠬᠠᠶ ᠯᠢᠨ᠂ ᠡᠯ᠎ᠡ ᠬᠤᠰᠢᠭᠤ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ | ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ᠂ ᠴᠢᠬᠤᠯᠠ ᠤᠯᠤᠰ ᠲᠥᠷᠥ ᠶᠢᠨ | ᠡᠭᠦᠷᠭᠡ ᠪᠣᠯᠭᠠᠵᠤ᠂ ᠠᠬᠢᠴᠠ ᠪᠠᠨ ᠲᠦᠷᠭᠡᠳᠬᠡᠨ᠂ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠴᠢᠨᠠᠷ ᠴᠢᠨᠰᠠᠭ᠎ᠠ ᠶᠢ | ᠪᠠᠲᠤᠯᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠶ ᠦᠷ᠎ᠡ ᠪᠦᠲᠦᠮᠵᠢ ᠪᠠᠷ ᠪᠥᠬᠦ ᠠᠶᠢᠮᠠᠭ ᠤᠨ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠶ ᠭᠡᠪᠡ᠃ | ᠪᠠᠶ ᠬᠠᠶ ᠯᠢᠨ᠂ ᠠᠰᠠᠭᠤᠳᠠᠯ ᠤᠨ ᠡᠬᠢ ᠦᠨᠳᠦᠰᠦ ᠠᠴᠠ ᠡᠬᠦᠰᠴᠦ᠂ ᠭᠤᠤᠯᠳᠠᠯᠭ᠎ᠠ ᠲᠠᠢ ᠬᠦᠷᠢᠶ᠎ᠡ᠂ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠮᠢ ᠠᠬᠤᠶ ᠣᠷᠴᠢᠨ ᠲᠣᠭᠤᠷᠢᠨ ᠤ | ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠨᠢᠭᠡ ᠠᠴᠠ ᠵᠦᠢᠴᠢᠯᠡᠵᠦ | ᠨᠥᠭᠦᠭᠡ ᠶᠢ ᠮᠡᠳᠡᠵᠦ᠂ ᠠᠳᠠᠯᠢ ᠲᠥᠷᠥᠯ ᠤᠨ ᠠᠰᠠᠭᠤᠳᠠᠯ᠂ ᠬᠤᠯᠪᠣᠭᠳᠠᠬᠤ ᠠᠰᠠᠭᠤᠳᠠᠯ ᠪᠠ ᠡᠬᠢ ᠡᠭᠦᠰᠦᠯ ᠤᠨ | ᠠᠰᠠᠭᠤᠳᠠᠯ ᠢ ᠲᠦᠢᠯᠪᠤᠷᠢᠲᠠᠢ ᠪᠠᠶᠢᠴᠠᠭᠠᠵᠤ᠂ ᠰᠠᠭᠤᠷᠢ ᠲᠤᠭ᠎ᠠ᠂ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ | ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ | ᠳᠣᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠪᠣᠯᠤᠨ ᠪᠠᠷᠢᠮᠵᠢᠶ᠎ᠠ ᠲᠠᠢ | ᠴᠢᠩᠭ᠎ᠠ ᠬᠠᠷᠭᠤᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠴᠡᠭᠴᠡᠯᠡᠨ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠳᠠᠬᠢᠨ ᠪᠠᠶᠢᠴᠠᠭᠠᠬᠤ︾ ᠶᠢ ᠰᠠᠨᠠᠭᠠᠴᠢᠯᠠᠭ᠎ᠠ ᠠᠴᠠ ᠪᠠᠨ | ᠥᠷᠨᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠶᠢ ᠴᠢᠬᠤᠯᠠᠴᠢᠯᠠᠵᠤ᠂ | ᠠᠰᠠᠭᠤᠳᠠᠯ ᠲᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ | ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠣᠮᠤᠭ ᠲᠡᠭᠦᠯᠳᠡᠷ ᠢᠶᠠᠷ ᠨᠢᠭᠡᠳᠦᠭᠡᠷ ᠹᠷᠣᠨᠲ ᠤᠨ ᠬᠠᠤᠯᠢ | ᠬᠡᠷᠡᠭᠵᠢᠭᠦᠯᠬᠦ ᠠᠵᠢᠯᠲᠠᠨ ᠳᠤ ᠲᠦᠰᠢᠭ ᠪᠣᠯᠵᠤ ᠡᠷᠴᠢ ᠵᠣᠷᠢᠭ ᠢᠶᠠᠨ ᠬᠥᠪᠴᠢᠯᠡᠵᠦ᠂ ᠠᠮᠢ ᠠᠬᠤᠢ ᠣᠷᠴᠢᠨ | ᠲᠣᠭᠤᠷᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠬᠦ | ᠬᠡᠷᠡᠭᠲᠡᠢ᠃ ᠬᠠᠷᠢᠶ᠎ᠠ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠶᠠᠪᠤᠴᠠ ᠳᠤ ᠳᠠᠭᠠᠵᠤ᠂ ᠵᠦᠢᠯ | ᠳᠠᠷᠠᠭᠠᠯᠠᠨ ᠰᠢᠢᠳᠪᠦᠷᠢᠯᠡᠵᠦ᠂ ᠪᠤᠢ ᠪᠦᠬᠦᠢ ᠠᠰᠠᠭᠤᠳᠠᠯ ᠢ ᠲᠦᠷᠭᠡᠨ ᠪᠦᠭᠡᠳ ᠳᠣᠶᠢᠯᠪᠣᠷᠢᠳᠠᠢ ᠰᠠᠶᠢᠵᠢᠷᠠᠭᠤᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠠᠶ ᠬᠠᠶ ᠯᠢᠨ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠬᠦ᠂ ᠪᠣᠬᠢᠷᠲᠤᠯ ᠢ ᠵᠠᠰᠠᠬᠤ᠂ ᠪᠣᠬᠢᠷᠲᠤᠯ ᠢ ᠪᠠᠭᠠᠰᠬᠠᠬᠤ ᠳᠤ | ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ | ᠣᠷᠴᠢᠨ ᠲᠣᠭᠤᠷᠢᠨ ᠢ ᠬᠠᠮᠳᠣ ᠪᠠᠷ ᠰᠡᠷᠭᠡᠶᠢᠯᠡᠵᠦ ᠬᠠᠮᠳᠣ ᠪᠠᠷ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠠᠵᠤ ᠠᠬᠤᠶᠢᠯᠠᠯ ᠤᠨ ᠮᠡᠷᠭᠡᠵᠢᠯ ᠤᠨ | ᠥᠭᠡᠷᠡᠴᠢᠯᠡᠯᠲᠡ ᠬᠢᠬᠦ᠂ ᠬᠦᠷᠢᠶᠡᠯᠡᠩ ᠲᠣᠭᠤᠷᠢᠭ ᠤᠨ ᠴᠢᠳᠠᠪᠤᠷᠢ ᠶᠢ ᠥᠷᠭᠡᠳᠬᠡᠨ ᠲᠠᠰ ᠳᠡᠪᠰᠢᠭᠦᠯᠬᠦ ᠶᠢ | ᠲᠦᠷᠭᠡᠳᠬᠡᠨ ᠠᠬᠢᠭᠤᠯᠵᠤ᠂ ᠪᠣᠬᠢᠷᠲᠤᠯ ᠪᠣᠳᠠᠰ ᠤᠨ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ | ᠴᠡᠭᠴᠡᠯᠡᠨ ᠵᠠᠰᠠᠬᠤ᠂ ᠭᠤᠤᠯᠳᠠᠯᠭ᠎ᠠ ᠲᠠᠢ ᠠᠵᠢᠯ ᠲᠥᠷᠥᠯ ᠢ ᠭᠦᠨᠵᠡᠭᠡᠶ ᠵᠠᠰᠠᠬᠤ᠂ ᠮᠠᠰᠢᠨ ᠲᠡᠷᠭᠡᠨ ᠤ ᠪᠣᠬᠢᠷᠲᠤᠯ ᠢ | ᠵᠠᠰᠠᠬᠤ ᠪᠠ ᠪᠥᠭᠡᠮ ᠪᠠᠷᠠᠭ᠎ᠠ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ | ᠴᠢᠬᠤᠯᠠᠴᠢᠯᠠᠪᠠ᠃ | ᠯᠢᠦ ᠳ᠋ᠧ ᠣᠷᠣᠯᠴᠠᠵᠠᠢ᠃ ᠡᠯ᠎ᠡ ᠬᠤᠰᠢᠭᠤ ᠣᠷᠣᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ |