ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠠᠱᠠ ᠠᠶᠢᠮᠠᠭ ᠤᠨ ᠠᠵᠢᠯ ᠤᠨ ᠵᠥᠪᠯᠡᠯ ᠤᠨ ᠲᠠᠪᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/17
    3 ᠳ᠋ᠤᠭᠠᠷ ᠰᠠᠷ᠎ᠠ ᠶᠢᠨ 12᠎ ᠤᠨ ᠡᠳᠦᠷ ᠠᠴᠠ 13᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠠᠱᠠ ᠠᠶᠢᠮᠠᠭ ᠤᠨ ᠠᠵᠢᠯ ᠤᠨ ᠵᠥᠪᠯᠡᠯ ᠤᠨ ᠲᠠᠪᠤᠳᠤᠭᠠᠷ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠰᠤᠯᠠ ᠣᠷᠣᠯᠴᠠᠭᠰᠠᠨ ᠪᠥᠭᠡᠳ ᠠᠶᠢᠮᠠᠭ ᠤᠨ ᠵᠠᠬᠢᠷᠭ᠎ᠠ ᠶᠢᠨ ᠠᠵᠢᠯ ᠤᠨ ᠮᠡᠳᠡᠭᠦᠯᠦᠯᠲᠡ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ ᠬᠤᠷᠠᠯ ᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠬᠠᠶ ᠢᠦᠶ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠪᠠᠬᠢ᠂ ᠴᠧᠨ ᠸᠧᠨ ᠪᠢᠨ᠂ ᠸᠧᠶ ᠴᠢᠶᠣᠤ ᠯᠢᠩ ᠵᠢᠴᠢ ᠡᠯ᠎ᠡ ᠪᠦᠷᠢᠯᠳᠦᠬᠦᠨ ᠬᠤᠷᠠᠯ ᠳᠤ ᠣᠷᠣᠯᠴᠠᠪᠠ︔ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠣᠣ ᠪᠦᠦ ᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠸᠠᠩ ᠹᠧᠩ᠂ ᠠᠶᠢᠮᠠᠭ ᠤᠨ ᠠᠷᠠᠳ ᠤᠨ ᠳᠣᠮᠳᠠᠳᠣ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠭᠦᠸᠧ ᠴᠢᠤᠸᠠᠨ ᠶᠦᠨ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠳᠠᠷᠤᠭ᠎ᠠ ᠸᠠᠩ ᠺᠧ ᠸᠧᠶ ᠵᠡᠷᠭᠡ ᠨᠥᠬᠦᠳ ᠬᠤᠷᠠᠯ ᠳᠤ ᠰᠤᠯᠠ ᠣᠷᠣᠯᠴᠠᠪᠠ᠃
1.jpg
    ᠬᠤᠷᠠᠯ ᠳᠤ ︽ᠨᠢᠭᠡ ᠵᠠᠬᠢᠷᠭ᠎ᠠ ᠬᠤᠶᠠᠷ ᠬᠤᠷᠢᠶ᠎ᠠ︾᠎ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ᠂ ᠵᠠᠰᠠᠭ ᠤᠨ ᠣᠷᠳᠣᠨ ᠤ ᠥᠷᠢ ᠥᠭᠴᠡᠭᠡᠨ ᠤ ᠬᠠᠮᠢᠶᠠᠷᠤᠯᠲᠠ᠂ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠮᠡᠳᠡᠭᠦᠯᠦᠯᠲᠡ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠥᠪᠯᠡᠯ ᠤᠨ 2025 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ᠂ ᠳᠦᠯᠦᠪᠯᠡᠭᠡ᠂ ᠳᠦᠰᠦᠪ ᠤᠨ ᠮᠡᠳᠡᠬᠦᠯᠦᠯᠳᠡ ᠶᠢ ᠬᠢᠨᠠᠨ ᠪᠠᠶᠢᠴᠠᠭᠠᠵᠦ ᠵᠥᠪᠰᠢᠶᠡᠷᠡᠪᠡ᠃
2.jpg
    ᠬᠤᠸᠠᠩ ᠶᠠ ᠯᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠥᠪᠯᠡᠯ ᠤᠨ ᠥᠩᠭᠡᠷᠡᠭᠰᠡᠨ ᠨᠢᠭᠡ ᠵᠢᠯ ᠤᠨ ᠠᠵᠢᠯ ᠢ ᠨᠤᠲᠠᠯᠠᠪᠡ᠃ ᠲᠡᠷᠡ᠂ ᠥᠩᠭᠡᠷᠡᠭᠰᠡᠨ ᠨᠢᠭᠡ ᠵᠢᠯ ᠳᠤ᠂ ᠪᠦᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠯᠠᠱᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ ᠣᠯᠠᠨ ᠲᠠᠯ᠎ᠠ ᠪᠠᠷ ᠰᠠᠶᠢᠨ ᠬᠠᠨᠳᠤᠰᠢ᠂ ᠰᠢᠨ᠎ᠡ ᠳᠦᠷᠰᠦ ᠪᠠᠶᠢᠳᠠᠯ ᠢ ᠪᠤᠢ ᠪᠣᠯᠭᠠᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠬᠡᠪᠡ᠃    ᠬᠤᠸᠠᠩ ᠶᠠ ᠯᠢ᠂ ᠣᠳᠣᠬᠠᠨ ᠳᠤ ᠶᠠᠭ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠢᠪᠳᠣᠷᠠᠭᠠᠨ ᠪᠠ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠵᠠᠩᠭᠢᠯᠠᠭ᠎ᠠ ᠶᠢᠨ ᠴᠠᠭ ᠦᠶ᠎ᠡ ᠳᠤ ᠪᠠᠶᠢᠨ᠎ᠠ᠂ ᠪᠦᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ᠂ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠥᠭᠵᠢᠯᠲᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠶᠢ ᠡᠵᠡᠮᠳᠡᠵᠦ᠂ ᠨᠢᠭᠡ ᠨᠢᠭᠡ ᠪᠠᠷ ᠰᠢᠪᠲᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠲᠦᠭᠵᠢᠷᠡᠯ᠂ ᠬᠦᠴᠢᠷ ᠠᠰᠠᠭᠤᠳᠠᠯ ᠪᠣᠯᠤᠨ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠳᠣ ᠮᠡᠷᠭᠡᠨ ᠦᠭᠡ ᠬᠡᠯᠡᠵᠦ᠂ ᠪᠣᠳᠠᠲᠠᠢ ᠶᠢ ᠡᠷᠬᠢᠮᠯᠡᠬᠦ ᠪᠤᠳᠤᠯᠭ᠎ᠠ ᠶᠢ ᠢᠯᠡᠭᠦᠬᠡᠨ ᠳᠡᠪᠰᠢᠭᠦᠯᠵᠦ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠯᠡᠭᠦᠬᠡᠨ ᠰᠦᠪᠡᠭᠴᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠬᠠᠲᠠᠭᠤᠵᠢᠯᠲᠠᠢ ᠠᠵᠢᠯᠯᠠᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠭᠠᠷᠭᠠᠬᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠵᠤ᠂ ᠠᠵᠢᠯᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠠᠮᠳᠣ ᠶᠢᠨ ᠬᠦᠴᠦᠨ ᠢ ᠨᠢᠭᠲᠠᠷᠠᠭᠤᠯᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠪᠡ᠃
3.jpg
    ᠸᠠᠩ ᠸᠧᠶ ᠳ᠋ᠦᠩ᠂ ᠪᠥᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠭᠤᠤᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠴᠢᠩᠭᠠᠳᠬᠠᠵᠤ᠂ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠨ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠠᠲᠠᠭᠤ ᠴᠢᠩᠭ᠎ᠠ ᠬᠡᠪ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠬᠠᠤᠯᠢ ᠲᠣᠭᠲᠠᠭᠠᠬᠤ ᠬᠠᠮᠢᠶ᠎ᠠ ᠪᠥᠬᠦᠶ ᠠᠵᠢᠯ ᠢᠶᠠᠨ ᠵᠢᠷᠤᠮᠵᠢᠭᠤᠯᠤᠨ ᠴᠢᠩᠭ᠎ᠠ ᠨᠢᠮᠪᠠᠶ ᠰᠠᠶᠢᠲᠤᠷ ᠬᠢᠵᠦ᠂ ᠠᠵᠢᠯ ᠤᠨ ᠵᠦᠪᠯᠡᠯ ᠤᠨ ᠭᠡᠰᠢᠭᠦᠨ ᠪᠣᠯᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠡᠭᠦᠷᠭᠡ ᠬᠠᠷᠢᠭᠤᠴᠠᠯᠭ᠎ᠠ ᠪᠠᠨ ᠦᠨᠳᠦᠷ ᠪᠠᠷᠢᠮᠵᠢᠶ᠎ᠠ ᠪᠠᠷ ᠭᠦᠢᠴᠡᠳᠭᠡᠬᠦ ᠶᠢ ᠳᠡᠮᠵᠢᠨ ᠪᠠᠲᠤᠯᠠᠵᠤ᠂ ᠪᠥᠬᠦ ᠠᠶᠢᠮᠠᠭ ᠤᠨ ᠡᠯ᠎ᠡ ᠠᠵᠢᠯ ᠤᠨ ᠡᠮᠦᠨ᠎ᠡ ᠨᠢ ᠶᠠᠪᠤᠬᠤ᠂ ᠣᠷᠢᠳᠡᠪᠡᠷ ᠬᠢᠬᠦ᠂ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠩ ᠶᠡᠭᠡ ᠢᠲᠡᠭᠡᠯ ᠵᠣᠷᠢᠭ᠂ ᠨᠠᠩ ᠴᠤᠭ ᠪᠠᠳᠠᠷᠠᠩᠭᠤᠶ ᠵᠣᠷᠢᠭ ᠢᠶᠠᠷ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠶᠢᠨ ᠰᠢᠨ᠎ᠡ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠳᠡᠢ ᠭᠡᠪᠡ᠃
4.jpg
    ᠬᠤᠷᠠᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠳᠣᠲᠣᠭᠠᠳᠤ ᠪᠠᠶᠢᠭᠤᠯᠤᠮᠵᠢ ᠶᠢᠨ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠨᠡᠶᠢᠲᠡᠯᠡᠭᠰᠡᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠡᠯ᠎ᠡ ᠬᠤᠰᠢᠭᠤ ᠣᠷᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠂ ᠠᠯᠠᠱᠠ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ᠬᠤᠷᠠᠯ ᠤᠨ ᠬᠤᠭᠤᠴᠠᠭᠠᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠪᠦᠬᠦ ᠪᠦᠷᠢᠯᠳᠦᠬᠦᠨ ᠢ ᠳᠦᠪᠯᠡᠷᠡᠭᠦᠯᠦᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠵᠣᠬᠢᠶᠠᠨ ᠪᠠᠶᠢᠭᠤᠯᠣᠭᠰᠠᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号