ᠪᠠᠢ ᠬᠠᠢ ᠯᠢᠨ ᠳᠤᠮᠳᠠᠳᠤ ᠤᠯᠤᠰ ᠤᠨ ᠭᠤᠸᠠᠩ ᠾᠧ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠢ ᠯᠦᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2025/3/18
    3 ᠰᠠᠷ᠎ᠠ ᠶᠢᠨ 13᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠳᠤᠮᠳᠠᠳᠤ ᠤᠯᠤᠰ ᠤᠨ ᠭᠤᠸᠠᠩ ᠾᠧ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ ᠯᠢ ᠢ ᠯᠦᠨ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠵᠡᠷᠭᠡ ᠶᠠᠪᠤᠳᠠᠯ ᠤᠨ ᠲᠣᠭᠤᠷᠢᠨ ᠳᠤ ᠶᠠᠷᠢᠯᠴᠠᠨ ᠰᠣᠯᠢᠯᠴᠠᠪᠠ᠃
1.jpg
    ᠪᠠᠢ ᠬᠠᠢ ᠯᠢᠨ ᠯᠢ ᠢ ᠯᠦᠨ ᠨᠠᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠳᠤᠮᠳᠠᠳᠤ ᠤᠯᠤᠰ ᠤᠨ ᠭᠤᠸᠠᠩ ᠾᠧ ᠪᠦᠯᠦᠭᠯᠡᠯ ᠤᠨ ᠠᠯᠠᠱᠠ ᠶᠢᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠬᠦᠴᠦ ᠪᠠᠨ ᠲᠥᠪᠯᠡᠷᠡᠭᠦᠯᠦᠨ ᠪᠥᠬᠦ ᠤᠯᠤᠰ ᠤᠨ ᠰᠢᠨ᠎ᠡ ᠡᠨᠧᠷᠭᠢ ᠶᠢᠨ ᠴᠢᠬᠤᠯᠠ ᠲᠣᠮᠣ ᠰᠠᠭᠤᠷᠢᠨ ᠭᠠᠵᠠᠷ ᠪᠣᠯᠤᠨ ᠤᠯᠤᠰ ᠤᠨ ᠲᠠᠰ ᠤᠨ ᠰᠢᠨ᠎ᠡ ᠡᠨᠧᠷᠭᠢ ᠶᠢᠨ ᠥᠪᠡᠰᠦᠪᠡᠨ ᠬᠡᠷᠡᠭᠯᠡᠬᠦ ᠪᠠ ᠰᠢᠩᠭᠡᠭᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂  ᠴᠡᠪᠡᠷ ᠡᠨᠧᠷᠭᠢ ᠶᠢ ᠰᠢᠩᠭᠡᠭᠡᠬᠦ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠴᠡᠪᠡᠷ ᠴᠠᠬᠢᠯᠭᠠᠨ ᠤ ᠥᠪᠡᠷ ᠤᠨ ᠥᠷᠲᠡᠭ ᠤᠨ ᠬᠤᠲᠣᠭᠤᠷ ᠭᠠᠵᠠᠷ᠂ ᠴᠡᠪᠡᠷ ᠡᠨᠧᠷᠭᠢ ᠶᠢᠨ ᠠᠵᠤ ᠠᠬᠤᠶ ᠶᠢᠨ ᠥᠨᠳᠦᠷᠯᠢᠭ︾᠎ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠥᠪ ᠠᠴᠠ ᠬᠠᠮᠢᠶᠠᠷᠴᠦ ᠪᠠᠶᠢᠭ᠎ᠠ ᠠᠵᠦ ᠠᠬᠤᠶᠢᠯᠠᠯ ᠪᠠ ᠣᠷᠣᠨ ᠨᠤᠲᠤᠭ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠭᠠᠷ ᠬᠤᠯᠪᠣᠨ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ᠃ ᠠᠯᠠᠱᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠨᠠᠷᠢᠯᠢᠭ ᠣᠨᠣᠪᠴᠢᠳᠠᠢ ᠪᠠᠷ ᠦᠢᠯᠡᠴᠢᠯᠡᠭᠡ ᠪᠠᠲᠤᠯᠠᠭ᠎ᠠ ᠬᠠᠩᠭᠠᠵᠤ ᠂ ᠠᠵᠤ ᠠᠬᠤᠶᠢᠯᠠᠯ ᠤᠨ ᠬᠥᠭᠵᠢᠯᠲᠡ ᠳᠤ ᠨᠠᠩ ᠰᠠᠶᠢᠨ ᠨᠥᠬᠦᠴᠡᠯ ᠪᠦᠷᠢᠯᠳᠦᠭᠦᠯᠵᠦ ᠥᠭᠭᠦᠨ᠎ᠡ ᠭᠡᠪᠠ᠃    ᠯᠢ ᠢ ᠯᠦᠨ᠂ ᠠᠯᠠᠱᠠ ᠶᠢᠨ ᠰᠠᠯᠬᠢ ᠬᠡᠷᠡᠯ ᠤᠨ ᠡᠬᠢ ᠪᠠᠶᠠᠯᠢᠭ ᠡᠯᠪᠡᠭ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠥᠷᠭᠡᠨ᠂ ᠭᠠᠵᠠᠷ ᠵᠦᠢ ᠶᠢᠨ ᠣᠷᠣᠨ ᠵᠠᠢ ᠳᠠᠪᠠᠭᠤᠯᠢᠭ᠂ ᠳᠤᠮᠳᠠᠳᠤ ᠤᠯᠤᠰ ᠤᠨ ᠭᠤᠸᠠᠩ ᠾᠧ ᠪᠦᠯᠦᠭᠯᠡᠯ ᠠᠯᠠᠱᠠ ᠶᠢᠨ ᠢᠷᠡᠭᠡᠳᠦᠢ ᠶᠢᠨ ᠬᠥᠭᠵᠢᠯᠲᠡ ᠶᠢᠨ ᠳᠠᠯᠳᠠ ᠬᠦᠴᠦᠨ ᠳᠤ ᠮᠠᠰᠢ ᠢᠲᠡᠭᠡᠯ ᠲᠠᠢ ᠪᠠᠶᠢᠨ᠎ᠠ᠂ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠬᠥᠭᠵᠢᠯᠲᠡ ᠳᠤ ᠭᠦᠨᠵᠡᠭᠡᠢ ᠣᠷᠣᠯᠴᠠᠵᠤ᠂ ᠭᠤᠣᠯᠳᠠᠯᠭ᠎ᠠ ᠲᠠᠢ ᠬᠠᠮᠲᠤᠷᠠᠯᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠪᠠᠶᠢᠷᠢᠰᠢᠭᠤᠯᠤᠨ ᠠᠬᠢᠭᠤᠯᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠪᠡ᠃    ᠪᠦᠦ ᠶᠧ ᠠᠭᠤᠯᠵᠠᠯᠲᠠ ᠳᠤ ᠣᠷᠣᠯᠴᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号