ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
     3 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠂ ᠠᠶᠢᠮᠠᠭ ᠤᠨ ᠵᠠᠬᠢᠷᠭ᠎ᠠ ᠶᠢᠨ ᠨᠠᠮ ᠤᠨ  ᠳᠤᠭᠤᠶᠢᠯᠠᠩ ᠤᠨ ᠱᠦᠵᠢ ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠪᠠᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠰᠤᠷᠤᠯᠴᠠᠯᠭ᠎ᠠ ᠬᠥᠮᠦᠵᠢᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠂ ᠭᠤᠤᠯ ᠰᠡᠳᠦᠪᠲᠦ ᠬᠥᠮᠦᠵᠢᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠬᠡᠷᠡᠭᠲᠡᠢ ᠭᠡᠪᠡ᠃     ᠬᠤᠷᠠᠯ ᠠᠴᠠ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠴᠢᠩᠭ᠎ᠠ ᠪᠣᠳᠠᠲᠠᠢ ᠰᠤᠷᠲᠠᠯ ᠢ ᠪᠠᠳᠠᠷᠠᠭᠤᠯᠵᠤ᠂ ᠰᠤᠷᠤᠯᠴᠠᠵᠤ ᠪᠠᠶᠢᠴᠠᠭᠠᠨ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠴᠢᠨᠠᠷ ᠲᠠᠢ᠂ ᠪᠠᠶᠢᠴᠠᠭᠠᠯᠲᠠ ᠡᠷᠴᠢᠮ ᠲᠠᠢ᠂ ᠥᠭᠡᠷᠡᠴᠢᠯᠡᠯᠲᠡ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠲᠠᠪᠤᠨ ᠵᠦᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠰᠤᠷᠤᠯᠴᠠᠬᠤ︾ ᠪᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠣᠷᠢᠳᠡᠪᠡᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠤᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠣᠳᠣᠬᠠᠨ ᠳᠤ ᠰᠠᠶᠢᠵᠢᠷᠠᠭᠤᠯᠬᠤ ᠪᠠ ᠤᠷᠳᠤ ᠬᠤᠭᠤᠴᠠᠭ᠎ᠠ ᠪᠠᠷ ᠪᠠᠶᠢᠭᠤᠯᠬᠤ ᠶᠢ ᠪᠠᠷᠢᠮᠲᠠᠯᠠᠵᠤ᠂ ᠨᠡᠶᠢᠲᠡᠯᠢᠭ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠴᠢᠩᠭ᠎ᠠ ᠪᠠᠶᠢᠴᠠᠭᠠᠨ ᠲᠤᠩᠭᠠᠨ ᠪᠣᠳᠣᠯᠬᠢᠯᠠᠵᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠦᠨ᠂ ᠲᠦᠷᠢᠮ ᠤᠨ ᠳᠤᠲᠠᠭᠤᠳᠠᠯ ᠢ ᠨᠥᠬᠦᠪᠥᠷᠢᠯᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠶᠢ ᠰᠠᠶᠢᠵᠢᠷᠠᠭᠤᠯᠵᠤ᠂ ᠠᠷᠠᠳ ᠤᠨ ᠪᠠᠶᠢᠳᠠᠯ ᠢ ᠥᠷᠭᠡᠨ ᠢᠶᠠᠷ ᠣᠶᠢᠯᠠᠭᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠩᠭ᠎ᠠ ᠠᠳᠬᠤᠨ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠷᠠᠳ ᠤᠯᠠᠨ ᠤ ᠢᠲᠡᠭᠡᠯ ᠬᠦᠷᠢᠶᠡᠯᠡᠯ ᠢ ᠲᠠᠰᠤᠷᠠᠯᠲᠠ ᠦᠭᠡᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号