ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/25
    ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ ᠰᠠᠶᠢᠳ ᠯᠢ ᠴᠢᠶᠠᠩ 3 ᠰᠠᠷ᠎ᠠ ᠶᠢᠨ 21᠎ ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠶᠢ ᠰᠤᠳᠤᠯᠵᠤ᠂ ︽ᠣᠷᠤᠭ ᠳᠠᠩᠰᠠᠯᠠᠭᠤᠯᠬᠤ ᠲᠦᠷᠢᠮ ︵ᠵᠠᠰᠠᠪᠤᠷᠢ ᠣᠷᠣᠭᠤᠯᠬᠤ ᠲᠥᠰᠦᠯ︶︾᠎ ᠢ ᠬᠢᠨᠠᠨ ᠵᠦᠪᠯᠡᠵᠤ ᠪᠠᠲᠤᠯᠠᠪᠠ᠃    ᠬᠤᠷᠠᠯ ᠠᠴᠠ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠯ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠡᠷᠭᠡᠶᠢᠯᠡᠬᠦ ᠵᠠᠰᠠᠬᠤ ᠶᠢ ᠵᠡᠷᠭᠡ ᠪᠠᠷ ᠴᠢᠬᠤᠯᠠᠴᠢᠯᠠᠬᠤ᠂ ᠥᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ᠂ ᠡᠵᠡᠩᠨᠡᠯᠳᠡ ᠶᠢᠨ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠲᠤᠬᠠᠶᠢᠯᠠᠭᠰᠠᠨ ᠠᠵᠢᠯ ᠤᠨ ᠠᠵᠤ ᠠᠬᠤᠶᠢᠯᠠᠯ ᠵᠡᠷᠭᠡ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠭᠤᠤᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠵᠢᠯᠴᠠᠭᠰᠠᠨ ᠥᠨᠳᠥᠷ ᠪᠦᠲᠦᠮᠵᠢᠲᠡᠶ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠬᠤ ᠬᠡᠷᠡᠭᠲᠡᠶ᠃ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠭᠠᠷᠴᠠᠭ ᠤᠨ ᠨᠠᠷᠢᠨ ᠲᠠᠩᠰᠠ ᠶᠢᠨ ᠲᠦᠷᠢᠮ ᠢ ᠪᠦᠷᠢᠨᠰᠢᠬᠦᠯᠵᠦ᠂ ᠪᠣᠶ ᠪᠥᠬᠦᠶ ᠰᠦᠢᠳᠭᠡᠯ ᠬᠤᠷᠢᠶᠠᠬᠤ ᠲᠥᠷᠥᠯ ᠵᠦᠢᠯ ᠢ ᠴᠥᠮ ᠨᠠᠷᠢᠨ ᠲᠠᠩᠰᠠᠨ ᠳᠤ ᠣᠷᠣᠭᠤᠯᠬᠤ ᠶᠢᠨ ᠵᠡᠷᠭᠡ ᠪᠠᠷ ᠨᠡᠶᠢᠭᠡᠮ ᠳᠤ ᠢᠯᠡ ᠪᠣᠯᠭᠠᠵᠤ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ ᠂ ᠰᠦᠢᠳᠭᠡᠯ ᠬᠤᠷᠢᠶᠠᠬᠤ ᠲᠤᠭ᠎ᠠ ᠬᠡᠮᠵᠢᠶ᠎ᠡ ᠶᠢ ᠲᠣᠳᠣᠷᠬᠠᠶᠢᠯᠠᠨ᠂ ᠨᠠᠷᠢᠨ ᠲᠠᠩᠰᠠᠨ ᠠᠴᠠ ᠪᠤᠰᠤᠳ ᠵᠦᠢᠯ ᠠᠴᠠ ᠴᠥᠮ ᠰᠦᠢᠳᠭᠡᠯ ᠬᠤᠷᠢᠶᠠᠵᠤ ᠪᠣᠯᠬᠤ ᠥᠬᠡᠶ᠃ ᠲᠣᠭᠲᠠᠭᠠᠯ ᠠᠴᠠ ᠵᠥᠷᠢᠴᠡᠨ ᠰᠦᠢᠳᠭᠡᠯ ᠬᠤᠷᠢᠶᠠᠬᠤ ᠶᠢ ᠵᠠᠰᠠᠬᠤ ᠡᠷᠴᠢᠮ ᠢᠶᠠᠨ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠦᠭᠡᠶ᠂ ᠡᠷᠬᠡ ᠠᠴᠠ ᠪᠠᠨ ᠳᠠᠪᠠᠭᠤᠯᠤᠨ ᠪᠠᠶᠢᠭᠤᠯᠤᠭᠰᠠᠨ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠲᠥᠷᠥᠯ ᠵᠦᠢᠯ ᠢ ᠴᠥᠮ ᠬᠦᠴᠦᠨ ᠦᠭᠡᠶ ᠪᠣᠯᠭᠠᠬᠤ ᠬᠡᠷᠡᠭᠲᠡᠶ︔ ᠲᠠᠲᠠᠪᠤᠷᠢᠯᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ᠂ ᠲᠠᠲᠠᠪᠤᠷᠢᠯᠠᠬᠤ ᠬᠡᠪᠴᠢᠶ᠎ᠡ ᠶᠢ ᠥᠷᠭᠡᠳᠭᠡᠬᠦ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠬᠤ ᠬᠡᠷᠡᠭᠲᠡᠶ︔ ᠦᠨᠡᠬᠡᠷ ᠰᠢᠨ᠎ᠡ ᠪᠠᠷ ᠨᠡᠶᠢᠲᠡᠯᠡᠬᠦ ᠴᠢᠬᠤᠯᠠᠲᠠᠢ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠭᠡᠯ ᠬᠤᠷᠢᠶᠠᠬᠤ ᠲᠦᠷᠦ ᠶᠢᠨ ᠪᠤᠳᠤᠯᠭ᠎ᠠ ᠶᠢ ᠬᠠᠤᠯᠢ ᠶᠣᠰᠣᠴᠢ ᠴᠢᠨᠠᠷ᠂ ᠡᠷᠬᠡ ᠲᠡᠭᠰᠢ ᠴᠢᠨᠠᠷ ᠵᠢᠴᠢ ᠨᠡᠶᠢᠭᠡᠮ ᠤᠨ ᠵᠢᠱᠢᠯᠲᠡ ᠶᠢᠨ ᠨᠥᠯᠥᠭᠡ ᠵᠡᠷᠭᠡ ᠲᠠᠯ᠎ᠠ ᠪᠠᠷ ᠬᠢᠨᠠᠨ ᠬᠠᠷᠭᠤᠭᠤᠯᠬᠤ ᠪᠠᠨ ᠴᠢᠩᠭᠠᠳᠬᠠᠬᠤ ᠬᠡᠷᠡᠭᠲᠡᠢ᠃ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠭᠡᠯ ᠬᠤᠷᠢᠶᠠᠬᠤ ᠶᠢ ᠬᠢᠨᠠᠨ ᠬᠡᠮᠵᠢᠵᠦ ᠦᠨᠡᠯᠡᠬᠦ ᠲᠦᠷᠢᠮ ᠢ ᠪᠦᠷᠢᠨᠰᠢᠬᠦᠯᠵᠤ᠂ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ ᠪᠠ ᠰᠢᠢᠳᠪᠦᠷᠢᠯᠡᠬᠦ ᠲᠣᠭᠲᠠᠴᠠ ᠶᠢ ᠰᠢᠯᠢᠳᠡᠭᠵᠢᠭᠦᠯᠵᠦ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ᠂ ᠬᠠᠮᠵᠢᠯᠴᠠᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠵᠢᠱᠢᠯᠲᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠬᠥᠭᠵᠢᠯᠲᠡ ᠶᠢᠨ ᠢᠲᠡᠭᠡᠯ ᠢ ᠳᠡᠭᠡᠭᠰᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃    ᠬᠤᠷᠠᠯ ᠠᠴᠠ ︽ᠣᠷᠤᠭ ᠳᠠᠩᠰᠠᠯᠠᠭᠤᠯᠬᠤ ᠲᠦᠷᠢᠮ ︵ᠵᠠᠰᠠᠪᠤᠷᠢ ᠣᠷᠣᠭᠤᠯᠬᠤ ᠲᠥᠰᠦᠯ︶︾᠎ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ ᠲᠣᠰ ᠤᠳᠠᠭ᠎ᠠ ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠳᠤ ᠵᠠᠰᠠᠪᠤᠷᠢ ᠣᠷᠣᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠣᠶᠢᠷ᠎ᠠ ᠶᠢᠨ ᠵᠢᠯ ᠤᠨ ᠲᠤᠷᠰᠢᠬᠢ ᠣᠷᠤᠭ ᠳᠠᠩᠰᠠᠯᠠᠭᠤᠯᠬᠤ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠵᠡᠷᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠦᠷ᠎ᠡ ᠪᠦᠲᠦᠭᠡᠯ ᠢ ᠬᠠᠤᠯᠢ ᠴᠠᠭᠠᠵᠠ ᠲᠦᠷᠢᠮ ᠲᠣᠭᠲᠠᠭᠠᠯ ᠪᠣᠯᠭᠠᠨ ᠳᠡᠭᠡᠭᠰᠢᠯᠡᠭᠦᠯᠵᠦ᠂ ᠣᠷᠤᠭ ᠳᠠᠩᠰᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ᠂ ᠣᠷᠤᠭ ᠳᠠᠩᠰᠠᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠭᠡᠬᠦ︾ ᠱᠠᠭᠠᠷᠳᠠᠯᠭ᠎ᠠ ᠶᠣᠰᠣᠭᠠᠷ᠂ ᠪᠥᠬᠦ ᠤᠯᠤᠰ ᠤᠨ ᠣᠷᠤᠭ ᠤᠨ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠴᠢᠩᠭᠠᠳᠬᠠᠨ ᠂ ᠣᠷᠤᠭ ᠳᠠᠩᠰᠠᠯᠠᠭᠤᠯᠬᠤ ᠶᠢ ︽ᠪᠥᠬᠦ ᠤᠯᠤᠰ ᠲᠤ ᠨᠡᠶᠢᠳᠡᠮ ᠭᠦᠢᠴᠡᠳᠭᠡᠬᠦ︾᠎ ᠶᠢ ᠲᠦᠷᠭᠡᠳᠭᠡᠨ ᠠᠬᠢᠭᠤᠯᠵᠤ᠂ ᠣᠷᠤᠭ ᠳᠠᠩᠰᠠᠯᠠᠭᠤᠯᠤᠯᠲᠠ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠥᠬᠦᠮ ᠪᠣᠯᠭᠠᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠶᠡᠷᠦᠩᠬᠡᠶᠢᠯᠡᠭᠰᠡᠨ ᠴᠢᠨᠠᠷᠲᠠᠢ ᠤᠷᠤᠭ ᠭᠡᠷ ᠪᠦᠯᠢ ᠶᠢᠨ ᠦᠢᠯᠡᠴᠢᠯᠡᠭᠡ ᠶᠢ ᠵᠢᠯᠣᠭᠤᠳᠬᠤ ᠠᠵᠢᠯ ᠪᠠ ᠤᠷᠤᠭ ᠭᠡᠷ ᠪᠦᠯᠢ ᠶᠢᠨ ᠬᠠᠪᠰᠤᠷᠤᠨ ᠵᠢᠯᠣᠭᠤᠳᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠨ ᠤᠷᠤᠭ ᠬᠤᠷᠢᠮ ᠢ ᠰᠠᠨᠠᠭᠠᠴᠢᠯᠠᠨ᠂ ᠭᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠵᠤ᠂ ᠢᠳᠡᠪᠬᠢᠲᠡᠢ ᠥᠭᠡᠳᠡᠯᠡᠨ ᠳᠠᠪᠰᠢᠬᠤ ᠰᠢᠨ᠎ᠡ ᠮᠠᠶ᠋ᠢᠭ ᠤᠨ ᠤᠷᠤᠭ ᠦᠷᠡᠵᠢᠯ ᠤᠨ ᠰᠣᠶᠣᠯ ᠢ ᠪᠠᠶᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号