ᠣᠶᠢᠷ᠎ᠠ ᠳᠤ᠂ ᠠᠯᠠᠱᠠ ᠵᠡᠭᠦᠨ ᠬᠤᠰᠢᠭᠤ 613 ᠲᠦᠮᠡᠨ ᠲᠥᠭᠦᠷᠢᠭ ᠤᠨ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠠᠮᠤ ᠪᠤᠳᠠᠭᠠᠨ ᠤ ᠬᠦᠷᠢᠶᠡᠨ ᠤ ᠲᠤᠰᠬᠠᠢ ᠲᠦᠷᠦᠯ ᠤᠨ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢ ᠣᠯᠵᠤ᠂ ᠪᠠᠷᠠᠭᠤᠨ ᠪᠡᠯ᠂ ᠣᠨᠳᠣᠷᠣᠯᠳᠣ ᠵᠡᠷᠭᠡ 4 ᠰᠤᠮᠤ ᠪᠠᠯᠭᠠᠰᠣᠨ ᠤ ᠠᠮᠤ ᠪᠤᠳᠠᠭᠠᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠬᠦ ᠪᠠᠷ ᠪᠠᠶᠢᠨ᠎ᠠ᠃ ᠲᠣᠰ ᠪᠡᠯᠡ | ᠮᠥᠩᠭᠦ ᠶᠢ ᠰᠢᠨ᠎ᠡ ᠪᠠᠷ ᠪᠠᠶᠢᠭᠤᠯᠬᠤ ᠠᠮᠤ ᠪᠣᠳᠠᠭ᠎ᠠ ᠶᠢ ᠬᠠᠳᠠᠭᠠᠬᠤ ᠲᠠᠯᠠᠪᠠᠶ ᠵᠢᠴᠢ ᠠᠮᠤ ᠪᠣᠳᠠᠭ᠎ᠠ ᠶᠢ ᠨᠥᠭᠡᠴᠡᠯᠡᠬᠦ | ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠳᠤ ᠲᠤᠰᠬᠠᠢ ᠬᠡᠷᠡᠭᠯᠡᠵᠦ᠂ ᠲᠥᠷᠥᠯ | ᠵᠦᠢᠯ ᠢ ᠪᠠᠶᠢᠭᠤᠯᠤᠭᠰᠠᠨ ᠤ ᠳᠠᠷᠠᠭ᠎ᠠ ᠪᠥᠬᠦ ᠬᠤᠰᠢᠭᠤᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠳᠠᠷᠠᠭᠠᠬᠢ | ᠬᠤᠬᠢᠷᠠᠯ ᠤᠨ ᠨᠣᠷᠮ᠎ᠠ ᠶᠢ ᠪᠠᠭᠤᠷᠠᠭᠤᠯᠣᠨ᠂ ᠭᠠᠵᠠᠷ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ | ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠢᠳᠡᠪᠬᠢᠲᠡᠢ | ᠦᠢᠯᠡᠳᠦᠯ ᠦᠵᠡᠭᠦᠯᠬᠦ ᠪᠣᠯᠣᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠵᠥᠪᠰᠢᠶᠡᠷᠡᠯ ᠣᠯᠣᠭᠰᠠᠨ ᠲᠥᠷᠥᠯ ᠵᠦᠢᠯ ᠢ ᠠᠯᠠᠱᠠ ᠵᠡᠭᠦᠨ | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠤᠰᠬᠠᠢ ᠮᠡᠷᠭᠡᠵᠢᠯᠲᠡᠳ ᠢ ᠵᠣᠬᠢᠶᠠᠨ | ᠪᠠᠶᠢᠭᠤᠯᠵᠤ ᠲᠤᠬᠠᠢ ᠶᠢᠨ ᠭᠠᠵᠠᠷ ᠲᠤᠨᠢ ᠬᠠᠶᠢᠨ ᠰᠢᠨᠵᠢᠵᠦ᠂ ᠰᠢᠨᠵᠢᠯᠡᠬᠦ ᠤᠬᠠᠭᠠᠨᠴᠢ ᠪᠠᠷ ᠠᠳᠠᠯᠢᠳᠬᠠᠨ ᠰᠣᠩᠭᠤᠵᠤ | ᠂ ᠬᠠᠮᠤᠭ ᠤᠨ ᠡᠴᠦᠰ ᠲᠤ ᠡᠮᠦᠨᠡᠬᠢ ᠬᠤᠭᠤᠴᠠᠭᠠᠨ ᠤ ᠰᠠᠭᠤᠷᠢ ᠨᠢ ᠪᠠᠲᠤ᠂ ᠵᠢᠱᠢᠶ᠎ᠡ ᠦᠵᠡᠭᠦᠯᠬᠦ ᠦᠢᠯᠡᠳᠦᠯ ᠨᠢ | ᠢᠯᠡᠷᠬᠡᠢ ᠭᠤᠣᠯᠳᠠᠯᠭ᠎ᠠ ᠲᠠᠢ ᠢᠨᠵᠧᠨᠧᠷᠢᠩ ᠢ ᠰᠣᠩᠭᠤᠨ ᠲᠣᠭᠲᠠᠭᠠᠨ᠎ᠠ᠃ ᠲᠥᠷᠥᠯ ᠵᠦᠢᠯ ᠨᠢ ᠠᠮᠤ ᠪᠤᠳᠠᠭᠠᠨ ᠤ | ᠦᠢᠯᠡᠳᠪᠦᠷᠢᠯᠡᠯ᠂ ᠬᠥᠮᠥᠷᠭᠡᠯᠡᠯᠲᠡ᠂ ᠭᠦᠢᠯᠭᠡᠭᠡᠨ ᠤ ᠪᠥᠬᠦ ᠬᠡᠯᠬᠢᠶ᠎ᠡ ᠶᠢᠨ ᠰᠠᠭᠤᠷᠢ ᠲᠥᠬᠦᠭᠡᠷᠦᠮᠵᠢ ᠶᠢ ᠬᠠᠮᠤᠷᠪᠠ᠃ | ᠲᠣᠰ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠥᠷᠥᠯ ᠵᠦᠢᠯ ᠤᠨ ᠪᠥᠬᠦ | ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠪᠡᠯᠡ ᠮᠥᠩᠭᠦ ᠶᠢ ᠴᠢᠩᠭ᠎ᠠ | ᠵᠢᠷᠤᠮᠵᠢᠭᠤᠯᠤᠨ᠎ᠠ ᠭᠡᠪᠡ᠃ | ᠮᠥᠩᠭᠦ ᠬᠡᠷᠡᠭᠯᠡᠬᠦ ᠶᠠᠪᠤᠴᠠ ᠶᠢ ᠪᠠᠷᠢᠮᠲᠠᠯᠠᠨ᠂ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠬᠤ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠠᠵᠤ ᠦᠢᠯᠡᠰ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠭᠠᠵᠠᠷ ᠣᠷᠣᠨ ᠤ ᠠᠮᠤ ᠪᠤᠳᠠᠭᠠᠨ ᠤ ᠠᠵᠤ ᠦᠢᠯᠡᠰ ᠤᠨ | ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃ |