2 ᠳ᠋ᠤᠭᠠᠷ ᠰᠠᠷ᠎ᠠ ᠶᠢᠨ 28 ᠤ ᠡᠳᠦᠷ᠂ ᠠᠯᠠᠱᠠ ᠠᠶᠢᠮᠠᠭ ᠤᠨ 2025 ᠣᠨ ᠤ ︽ᠭᠤᠷᠪᠠᠨ ᠤᠮᠠᠷᠠᠲᠤ︾ ᠶᠢᠨ | ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ | ᠵᠦᠢᠯ ᠵᠢᠴᠢ ᠭᠤᠷᠪᠠᠨ ᠶᠡᠭᠡ ᠡᠯᠡᠰᠦᠨ ᠴᠥᠯ ᠤᠨ ᠣᠶ ᠰᠢᠭᠤᠶ ᠡᠪᠡᠰᠦ ᠪᠡᠯᠴᠢᠭᠡᠷ ᠤᠨ ᠪᠦᠰᠡ ᠶᠢ ᠨᠡᠶᠢᠯᠡᠭᠦᠯᠬᠦ | ᠠᠵᠢᠯ ᠢ ᠡᠬᠢᠯᠡᠭᠦᠯᠬᠦ ᠶᠣᠰᠣᠯᠠᠯ ᠠᠯᠠᠱᠠ ᠪᠠᠷᠠᠭᠤᠨ ᠬᠤᠰᠢᠭᠤᠨ ᠳᠤ ᠶᠠᠪᠤᠭᠳᠠᠪᠠ᠃ ᠪᠦᠬᠦ ᠣᠷᠣᠨ ᠴᠢᠨᠠᠭᠰᠢᠯᠠᠪᠠᠯ | ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠤᠣᠯ ᠲᠠᠯᠠᠪᠤᠷ᠂ ᠭᠤᠣᠯ ᠵᠢᠭᠰᠠᠭᠠᠯ ᠤᠨ | ᠭᠠᠵᠠᠷ ᠪᠣᠯᠤᠭᠰᠠᠨ ᠤ ᠬᠤᠪᠢ ᠳᠤ᠂ ᠠᠯᠠᠱᠠ ᠠᠶᠢᠮᠠᠭ ᠪᠠᠰᠠ ᠨᠢᠭᠡ ᠤᠳᠠᠭ᠎ᠠ ᠠᠮᠢ ᠠᠬᠤᠢ ᠶᠢᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠪᠦᠷᠢᠶ᠎ᠡ ᠶᠢ ᠬᠠᠩᠭᠢᠨᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ | ᠶᠠ ᠯᠢ ᠠᠵᠢᠯᠯᠠᠭ᠎ᠠ ᠳᠤ ᠣᠷᠣᠯᠴᠠᠵᠤ ᠪᠠᠶᠠᠷ ᠤᠨ ᠦᠭᠡ ᠬᠡᠯᠡᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠣᠷᠣᠯᠴᠠᠪᠠ᠃ | | | | | | | | | | | | | | ᠬᠤᠸᠠᠩ ᠶᠠ ᠯᠢ ᠪᠠᠶᠠᠷ ᠤᠨ ᠦᠭᠡ ᠳᠡᠭᠡᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ | ᠰᠠᠶᠢᠲᠤᠷ ᠬᠢᠬᠦ ᠪᠣᠯ ᠠᠯᠠᠱᠠ ᠶᠢᠨ ᠢᠮᠠᠭᠲᠠ ᠪᠠᠲᠤ ᠴᠡᠭᠡᠵᠢᠯᠡᠬᠦ ︽ᠤᠯᠤᠰ ᠤᠨ ᠶᠡᠭᠡ ᠶᠠᠪᠤᠳᠠᠯ︾ ᠪᠠ ᠴᠢᠬᠤᠯᠠ | ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠠᠯᠠᠱᠠ ᠠᠶᠢᠮᠠᠭ ᠳᠡᠭᠡᠳᠦ ᠳᠤᠤᠷᠠᠳᠤ ᠱᠠᠲᠤ ᠪᠠᠷ ᠢᠶᠠᠨ | ᠬᠠᠷᠢᠭᠤᠴᠠᠯᠭ᠎ᠠ ᠪᠠ ᠡᠭᠦᠷᠭᠡ ᠪᠠᠨ ᠦᠨᠡᠨ ᠬᠦ ᠡᠭᠦᠷᠭᠡᠯᠡᠵᠦ᠂ ᠭᠠᠪᠢᠶ᠎ᠠ ᠵᠢᠳᠬᠦᠯ ᠦᠵᠡᠭᠦᠯᠬᠦ ᠳᠤ ᠯᠠᠪᠲᠠᠶ ᠪᠢ | ᠪᠠᠶᠢᠨ᠎ᠠ ᠬᠡᠬᠦ ᠰᠥᠰᠥ ᠵᠣᠷᠢᠭ ᠢᠶᠠᠷ ᠡᠨᠡ ᠬᠦ ︽ᠣᠳᠣ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠣᠨ ᠳᠤ | ᠠᠰᠢᠭ ᠬᠦᠷᠳᠡᠭᠡᠬᠦ︾ ᠦᠢᠯᠡᠰ ᠢ ᠰᠠᠶᠢᠲᠤᠷ ᠬᠢᠬᠦ ᠭᠡᠷᠡᠭᠳᠡᠢ ᠬᠡᠪᠡ᠃ | | | | | | | | | | | | | | | | ᠡᠨᠡ ᠵᠢᠯ᠂ ᠠᠯᠠᠱᠠ ᠠᠶᠢᠮᠠᠭ ᠨᠢᠭᠡ ᠰᠠᠷ᠎ᠠ ᠶᠢᠨ ᠡᠮᠦᠨ᠎ᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠠᠵᠢᠯ ᠢ ᠤᠷᠢᠳᠴᠢᠯᠠᠨ ᠡᠬᠢᠯᠡᠬᠦᠯᠵᠦ᠂ ᠬᠠᠳᠠ ᠴᠢᠯᠠᠭᠤ ᠮᠡᠲᠦ ᠪᠠᠲᠤ ᠢᠲᠡᠭᠡᠯ᠂ ᠥᠷᠯᠥᠭᠡ ᠦᠳᠡᠰᠢ ᠦᠬᠡᠢ | ᠲᠡᠮᠡᠴᠡᠬᠦ ᠡᠷᠴᠢ ᠵᠣᠷᠢᠭ᠂ ᠰᠢᠨᠲᠠᠷᠠᠰᠢ ᠦᠭᠡᠢ ᠰᠥᠰᠥ ᠵᠣᠷᠢᠭ ᠢᠶᠠᠷ ᠪᠠᠳᠠᠢ ᠶᠢᠨ ᠵᠢᠷᠠᠨ᠂ ᠲᠩᠷᠢ᠂ ᠤᠯᠠᠭᠠᠨᠪᠤᠬ᠎ᠠ | ᠭᠤᠷᠪᠠᠨ ᠶᠡᠭᠡ ᠡᠯᠡᠰᠦᠨ ᠴᠥᠯ ᠤᠨ ᠣᠢ ᠰᠢᠭᠤᠢ ᠡᠪᠡᠰᠦ ᠪᠡᠯᠴᠢᠭᠡᠷ ᠤᠨ ᠪᠦᠰᠡ ᠶᠢ ᠨᠡᠶᠢᠯᠡᠬᠦᠯᠬᠦ ᠠᠵᠢᠯ ᠢ ᠡᠷᠡᠰ | ᠰᠠᠶᠢᠲᠤᠷ ᠬᠢᠵᠦ᠂ ᠡᠪᠳᠡᠷᠡᠰᠢ ᠦᠭᠡᠢ ᠪᠠᠲᠤ ᠪᠠᠬᠢ ᠡᠬᠡ ᠤᠯᠤᠰ ᠤᠨ ᠤᠮᠠᠷᠠᠲᠤ ᠶᠢᠨ ︽ᠨᠣᠮᠢᠨ ᠨᠣᠭᠤᠭᠠᠨ ᠪᠦᠰᠡ︾ | ᠪᠣᠯᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠷᠮᠠᠶᠢᠨ ᠪᠠᠶᠢᠭᠤᠯᠣᠨ᠎ᠠ᠃ ᠡᠯᠡᠰᠦᠷᠬᠡᠭᠵᠢᠯ | ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠬᠥᠳᠡᠯᠮᠦᠷᠢ ᠬᠦᠴᠦ | ᠳᠤᠲᠠᠭᠳᠠᠵᠤ᠂ ᠬᠥᠮᠦᠨ ᠤ ᠬᠦᠴᠦᠨ ᠤ ᠥᠪᠡᠷ ᠤᠨ ᠥᠷᠲᠡᠭ ᠨᠡᠮᠡᠭᠳᠡᠭᠰᠡᠨ ᠰᠢᠨ᠎ᠡ ᠪᠠᠶᠢᠳᠠᠯ ᠤᠨ ᠡᠮᠦᠨ᠎ᠡ᠂ ᠠᠯᠠᠱᠠ | ᠠᠶᠢᠮᠠᠭ ᠤᠨ ᠤᠤᠯ ᠤᠨ ᠣᠯᠠᠨ ᠬᠥᠮᠦᠨ ᠳᠤ ᠳᠦᠰᠢᠭᠯᠡᠵᠦ ᠪᠠᠶᠢᠭᠰᠠᠨ ᠠᠷᠭ᠎ᠠ ᠨᠢ ᠠᠭᠠᠵᠢᠮ ᠢᠶᠠᠷ ᠮᠠᠰᠢᠨ ᠢᠶᠠᠷ | ᠣᠷᠣᠯᠠᠭᠤᠯᠣᠭᠳᠠᠵᠦ᠂ ᠢᠷᠡᠭᠡᠳᠦᠢ ᠳᠤ᠂ ᠤᠯᠠᠮ ᠠᠴᠠ ᠤᠯᠠᠮ ᠣᠯᠠᠨ ᠲᠡᠷᠢᠭᠦᠨ ᠤ ᠣᠢ ᠮᠣᠳᠣ ᠡᠪᠡᠰᠦ ᠳᠠᠷᠢᠬᠤ | ᠮᠧᠬᠠᠨᠢᠭ ᠲᠣᠨᠤᠭ ᠲᠥᠬᠦᠭᠡᠷᠦᠮᠵᠢ ᠶᠢ ︽ᠭᠤᠷᠪᠠᠨ ᠤᠮᠠᠷᠠᠲᠤ︾ ᠶᠢᠨ ᠢᠨᠵᠧᠨᠧᠷᠢᠩ ᠳᠤ ᠬᠡᠷᠡᠭᠯᠡᠵᠦ᠂ ᠡᠯᠡᠰᠦ ᠶᠢ | ᠵᠠᠰᠠᠬᠤ ᠴᠢᠳᠠᠪᠣᠷᠢ ᠪᠠᠨ ᠳᠡᠭᠡᠭᠰᠢᠯᠡᠬᠦᠯᠬᠦ᠂ ᠨᠣᠭᠤᠭᠠᠷᠠᠭᠤᠯᠣᠯᠳᠠ ᠶᠢ ᠦᠷᠭᠡᠵᠢᠬᠦᠯᠬᠦ ᠳᠤ ᠬᠦᠴᠦᠨ ᠨᠡᠮᠡᠷᠢᠯᠡᠬᠦ | ᠪᠣᠯᠣᠨ᠎ᠠ᠃ | | | | | | | | | | | | | | |