ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ | ᠳᠣᠣᠱᠯᠠᠭᠤᠯᠣᠨ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠬᠦᠴᠦᠨ ᠢ ᠦᠨᠡᠨ ᠬᠦ ᠪᠠᠳᠠᠷᠠᠭᠤᠯᠤᠨ᠂ ︽ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ | ᠠᠬᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 3 ᠤ ᠡᠳᠦᠷ᠂ ᠠᠯᠠᠱᠠ ᠠᠶᠢᠮᠠᠭ ︽ᠮᠥᠩᠭᠦᠨ | ᠭᠦᠢᠯᠭᠡᠭᠡᠨ ᠢᠶᠠᠷ ᠠᠵᠤ ᠠᠬᠤᠶᠢᠯᠠᠯ ᠢ ᠲᠤᠰᠠᠯᠠᠬᠤ︾ ᠵᠠᠰᠠᠭ ᠮᠥᠩᠭᠦᠨ ᠬᠦᠢᠯᠭᠡᠭᠡ ᠠᠵᠤ ᠠᠬᠤᠶᠢᠯᠠᠯ ᠢ | ᠵᠣᠯᠭᠠᠭᠤᠯᠬᠤ ᠬᠤᠷᠠᠯ ᠢ ᠡᠷᠭᠢᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ 33 ᠠᠵᠤ ᠠᠬᠤᠶᠢᠯᠠᠯ ᠤᠨ | ᠪᠠᠯᠠ ᠳᠣᠭᠢᠷᠠᠭᠤᠯᠬᠤ 43 ᠲᠥᠷᠥᠯ ᠵᠦᠢᠯ ᠳᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ | 188.15 ᠳ᠋ᠦᠩᠰᠢᠭᠤᠷ ᠲᠥᠭᠦᠷᠢᠭ ᠲᠤ ᠬᠦᠷᠴᠡᠶ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ ᠠᠶᠢᠮᠠᠭ ᠤᠨ | ᠤᠳᠤᠷᠢᠳᠤᠯᠭ᠎ᠠ ᠯᠢᠦ ᡁᠢ ᠴᠢᠶᠠᠩ᠂ ᠸᠠᠩ ᠹᠧᠩ᠂ ᠯᠢᠦ ᠴᠥᠩ ᠰᠢᠶᠤᠤ᠂ ᠬᠠᠰᠪᠠᠭᠠᠨ᠎ᠠ ᠣᠷᠣᠯᠴᠠᠪᠠ᠃ | | | | | | | | | | | | | | ᠪᠠᠶ ᠬᠠᠶ ᠯᠢᠨ ᠪᠠᠶᠠᠷ ᠤᠨ ᠦᠭᠡ ᠳᠡᠭᠡᠨ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ | ᠬᠠᠮᠲᠤᠷᠠᠯᠴᠠᠭ᠎ᠠ ᠪᠣᠯ ᠠᠵᠤ ᠠᠬᠤᠶ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠬᠥᠳᠡᠯᠭᠡᠬᠦ ᠬᠦᠴᠦᠨ ᠮᠥᠨ᠃ | ᠣᠳᠣᠬᠠᠨ ᠳᠤ ᠠᠯᠠᠱᠠ ᠶᠠᠭ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ | ᠪᠠᠲᠤᠲᠠᠢ ᠥᠷᠨᠢᠭᠦᠯᠵᠦ᠂ ︽157︾ ᠬᠥᠭᠵᠢᠯᠲᠡ ᠶᠢᠨ ᠰᠡᠳᠬᠢᠴᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ | ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠥᠷᠭᠡᠨ ᠤᠯᠠᠨ ᠠᠵᠤ ᠠᠬᠤᠶᠢᠯᠠᠯ ᠤᠨ ᠬᠢᠨ ᠨᠡᠩ | ᠤᠷᠳᠤ ᠬᠤᠭᠤᠴᠠᠭᠠᠨ ᠤ ᠳᠣᠭᠳᠠᠪᠣᠷᠢᠳᠠᠢ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠭᠠᠷ ᠬᠤᠯᠪᠣᠨ | ᠵᠡᠷᠭᠡ ᠪᠠᠷ ᠤᠷᠤᠭᠰᠢᠯᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ᠃ ᠠᠯᠠᠱᠠ | ᠠᠶᠢᠮᠠᠭ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠤᠨ | ᠬᠡᠷᠡᠭᠴᠡᠭᠡ᠂ ᠮᠥᠩᠭᠦᠨ ᠭᠦᠢᠯᠭᠡᠭᠡᠨ ᠤ ᠴᠢᠳᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡ | ᠪᠠᠲᠤᠯᠠᠭ᠎ᠠ ᠶᠢ ᠴᠢᠩᠭᠠᠳᠬᠠᠨ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠦᠴᠢᠷ | ᠵᠣᠪᠠᠭᠤᠷᠢ ᠶᠢ ᠰᠢᠢᠳᠪᠦᠷᠢᠯᠡᠨ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ ᠭᠡᠪᠡ᠃ | | | | | | | | | | | | | | | | | | ᠵᠣᠯᠭᠠᠭᠤᠯᠬᠤ ᠬᠤᠷᠠᠯ ᠳᠡᠭᠡᠷ᠎ᠡ᠂ ᠠᠷᠠᠳ ᠤᠨ ᠪᠠᠩᠬᠢ ᠶᠢᠨ ᠠᠯᠠᠱᠠ ᠠᠶᠢᠮᠠᠭ ᠤᠨ ᠬᠤᠪᠢᠶᠠᠷᠢ ᠪᠠᠩᠬᠢ᠂ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠯᠠᠱᠠ ᠶᠢᠨ | ᠬᠤᠪᠢᠶᠠᠷᠢ ᠲᠣᠪᠴᠢᠶ᠎ᠠ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ ᠮᠥᠩᠭᠦᠨ ᠭᠦᠢᠯᠭᠡᠭᠡᠨ ᠤ ᠪᠣᠳᠠᠲᠤ | ᠴᠣᠭᠴᠠ ᠶᠢᠨ ᠠᠵᠤ ᠠᠬᠤᠶ ᠶᠢ ᠳᠡᠮᠵᠢᠬᠦ ᠪᠣᠳᠠᠲᠠᠶ ᠠᠷᠭ᠎ᠠ ᠬᠡᠮᠵᠢᠶ᠎ᠡ ᠶᠢᠨ ᠲᠤᠬᠠᠶ ᠶᠠᠷᠢᠶ᠎ᠠ ᠲᠠᠯᠪᠢᠵᠤ᠂ ᠠᠵᠤ | ᠠᠬᠤᠶᠢᠯᠠᠯ ᠤᠨ ᠲᠥᠯᠥᠭᠡᠯᠡᠭᠴᠢ ᠪᠠᠯᠠ ᠲᠣᠬᠢᠷᠠᠭᠤᠯᠭ᠎ᠠ ᠶᠢᠨ ᠲᠥᠷᠥᠯ ᠵᠦᠢᠯ ᠢ ᠲᠠᠨᠢᠯᠴᠠᠭᠤᠯᠪᠠ᠃ | | | | | | | | | | | | | | | | ᠲᠣᠰ ᠤᠳᠠᠭ᠎ᠠ ᠨᠡᠶᠢᠲᠡ 43 ᠪᠠᠯᠠ ᠴᠤᠭᠯᠠᠭᠤᠯᠬᠤ ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ | ᠡᠭᠦᠨ ᠳᠤ ᠲᠤᠬᠠᠶ ᠶᠢᠨ ᠲᠠᠯᠠᠪᠠᠶ ᠳᠤ 12 ᠭᠡᠷ᠎ᠡ ᠲᠣᠭᠲᠠᠵᠤ᠂ ᠰᠦᠯᠵᠢᠶᠡᠨ ᠭᠠᠳᠠᠨ᠎ᠠ 31 ᠭᠡᠷ᠎ᠡ ᠲᠣᠭᠲᠠᠵᠤ᠂ | ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ | ᠠᠭᠤᠷᠬᠠᠶ ᠶᠢᠨ ᠭᠠᠷᠤᠯᠲᠠ ᠶᠢ ᠨᠡᠭᠡᠭᠡᠨ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠬᠦᠢᠯᠭᠡᠭᠡ ᠵᠡᠷᠭᠡ ᠬᠦᠷᠢᠶᠡᠨ ᠳᠤ ᠬᠤᠯᠪᠣᠭᠳᠠᠵᠠᠶ᠃ | |