3 ᠳ᠋ᠤᠭᠠᠷ ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠳᠠᠷᠤᠭ᠎ᠠ ᠪᠠᠶ ᠬᠠᠶ ᠯᠢᠨ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠳᠤ ᠬᠦᠷᠴᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ᠂ ᠬᠥᠮᠦᠨ ᠠᠮᠠ ᠶᠢᠨ ᠨᠡᠮᠡᠭᠳᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ | ᠪᠥᠭᠡᠳ ᠶᠠᠷᠢᠯᠴᠠᠨ ᠰᠣᠯᠢᠯᠴᠠᠪᠠ᠃ | | | | | | | | | | | | | | ᠪᠠᠶ ᠬᠠᠶ ᠯᠢᠨ ᠠᠯᠠᠱᠠ ᠠᠶᠢᠮᠠᠭ ᠤᠨ ᠪᠠᠷᠢᠮᠵᠢᠶᠠᠵᠢᠭᠰᠠᠨ ᠴᠠᠭᠠᠰᠤ ᠦᠭᠡᠶ ᠪᠣᠯᠪᠠᠰᠤᠷᠠᠯ ᠰᠢᠯᠭᠠᠯᠲᠠ ᠶᠢᠨ | ᠰᠠᠭᠤᠷᠢᠨ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠲᠥᠪ᠂ ᠳᠡᠭᠦᠰᠦᠭᠰᠡᠨ | ᠣᠶᠣᠳᠠᠳ ᠤᠨ ᠠᠳᠠᠯ ᠦᠢᠯᠡᠰ ᠴᠣᠭᠴᠠᠯᠠᠬᠤ ᠰᠠᠭᠤᠷᠢᠨ ᠢ ᠪᠠᠶᠢᠴᠠᠭᠠᠨ ᠦᠵᠡᠵᠦ᠂ ᠠᠶᠢᠮᠠᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠤᠯᠳᠠᠯᠭ᠎ᠠ ᠲᠠᠢ ᠠᠵᠢᠯ ᠤᠨ | ᠬᠠᠷᠢᠭᠤ ᠮᠡᠳᠡᠭᠦᠯᠦᠯᠲᠡ ᠪᠠ ᠡᠯ᠎ᠡ ᠬᠤᠰᠢᠭᠤ ᠣᠷᠣᠨ ᠤ ᠨᠡᠶᠢᠭᠡᠮ ᠤᠨ ᠳᠠᠭᠠᠳᠬᠠᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | | | | | | | | | | | | | | | | | | ᠪᠠᠶ ᠬᠠᠶ ᠯᠢᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠨᠢ ᠨᠢᠭᠡ | ᠲᠠᠯ᠎ᠠ ᠪᠠᠷ ᠠᠵᠢᠯ ᠣᠯᠭᠤᠯᠲᠠ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠨᠥᠭᠦᠭᠡ ᠲᠠᠯ᠎ᠠ ᠪᠠᠷ ᠨᠡᠶᠢᠭᠡᠮ ᠤᠨ | ᠲᠣᠭᠲᠠᠭᠤᠨ ᠪᠠᠶᠢᠳᠠᠯ ᠲᠠᠢ ᠬᠤᠯᠪᠣᠭᠳᠠᠵᠤ ᠪᠠᠶᠢᠳᠠᠭ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠣᠯᠭᠤᠯᠲᠠ ᠪᠠ ᠠᠳᠠᠯ ᠦᠢᠯᠡᠰ ᠴᠣᠭᠴᠠᠯᠠᠬᠤ ᠶᠢ ᠬᠠᠮᠲᠤ ᠳᠤᠨᠢ | ᠠᠳᠬᠤᠬᠤ ᠶᠢ ᠪᠠᠷᠢᠮᠲᠠᠯᠠᠨ᠂ ︽ᠠᠵᠢᠯᠲᠠᠨ ᠢ ᠲᠥᠷᠥᠯ ᠬᠤᠪᠢᠶᠠᠬᠤ᠂ ᠦᠢᠯᠡᠴᠢᠯᠡᠭᠡ ᠶᠢ ᠲᠠᠰ ᠬᠤᠪᠢᠶᠠᠬᠤ᠂ | ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ︾ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠣᠭᠲᠠᠴᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠳᠡᠮᠵᠢᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠳᠡᠭᠦᠰᠦᠭᠰᠡᠨ ᠣᠶᠣᠳᠠᠳ᠂ | ᠮᠠᠯᠴᠢᠨ ᠲᠠᠷᠢᠶᠠᠴᠢᠨ᠂ ᠨᠢᠭᠡ ᠴᠦ ᠠᠵᠢᠯ ᠣᠯᠭᠤᠯᠲᠠ ᠥᠬᠡᠶ ᠬᠡᠷ ᠪᠦᠯᠢ᠂ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠵᠡᠷᠭᠡ ᠭᠤᠤᠯᠳᠠᠯᠭ᠎ᠠ ᠲᠠᠢ ᠬᠥᠮᠦᠰ ᠲᠤ ᠭᠦᠢᠴᠡᠳ ᠠᠵᠢᠯ ᠣᠯᠭᠤᠬᠤ ᠶᠢ ᠨᠠᠩ ᠶᠡᠭᠡ ᠡᠷᠴᠢᠮ ᠢᠶᠠᠷ | ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | | | | | | | | | | | | | | | | | | | | | ᠪᠠᠶ ᠬᠠᠶ ᠯᠢᠨ᠂ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠭᠡ ᠶᠢ ᠳᠠᠪᠠᠭ᠋ᠣ ᠢᠨᠵᠧᠨᠧᠷᠢᠩ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠬᠥᠮᠦᠵᠢᠭᠦᠯᠬᠦ ᠶᠢ ᠰᠠᠶᠢᠲᠤᠷ ᠠᠳᠬᠤᠵᠤ᠂ ᠬᠥᠮᠦᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ | ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ | ᠴᠢᠳᠠᠪᠤᠷᠢᠲᠠᠨ ᠢ ᠦᠨᠡᠨ ᠬᠦ ᠣᠷᠣᠭᠤᠯᠤᠨ ᠠᠪᠴᠢᠷᠠᠵᠤ᠂ ᠦᠯᠡᠳᠡᠭᠡᠵᠦ᠂ ᠬᠥᠭᠵᠢᠭᠦᠯᠬᠦ ᠬᠡᠷᠡᠭᠲᠡᠶ᠃ ᠬᠥᠮᠦᠨ | ᠠᠮᠠ ᠶᠢᠨ ᠨᠡᠮᠡᠭᠳᠡᠯ ᠢ ᠠᠬᠢᠭᠤᠯᠵᠤ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠭᠠᠷᠭᠠᠵᠤ᠂ ᠨᠠᠩ ᠣᠯᠠᠨ ᠬᠥᠮᠦᠨ ᠢ | ᠠᠯᠠᠱᠠ ᠳᠤ ᠠᠵᠢᠯᠠᠭᠤᠯᠵᠦ ᠠᠮᠢᠳᠣᠷᠠᠭᠤᠯᠬᠤ ᠪᠠᠷ ᠲᠠᠲᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠪᠠᠶ ᠬᠠᠶ ᠯᠢᠨ᠂ ᠦᠢᠯᠡᠴᠢᠯᠡᠬᠡᠨ ᠤ ᠵᠦᠢᠯᠡᠰ ᠢ ᠬᠦᠢᠴᠡᠳᠭᠡᠬᠦ ︽ᠬᠤᠷᠳᠤᠴᠠ︾ ᠶᠢ ᠲᠦᠷᠭᠡᠳᠬᠡᠵᠦ᠂ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ︽ᠡᠷᠴᠢᠮ︾ ᠢ ᠴᠢᠩᠭᠠᠷᠠᠭᠤᠯᠵᠤ᠂ ᠠᠷᠠᠳ | ᠲᠦᠮᠡᠨ ᠳᠤ ᠬᠠᠯᠠᠭᠤᠮᠰᠤᠭ ᠦᠢᠯᠡᠴᠢᠯᠡᠵᠦ᠂ ᠦᠨᠡᠨ ᠬᠦ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ | ᠦᠢᠯᠡᠴᠢᠯᠡᠭᠡ ᠪᠠᠷ ᠣᠯᠠᠨ ᠲᠦᠮᠡᠨ ᠪᠠ ᠠᠵᠤ ᠠᠬᠤᠶᠢᠯᠠᠯ ᠤᠨ ᠢᠲᠡᠭᠡᠯ ᠢ ᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠯᠢᠦ ᠴᠥᠩ ᠰᠢᠶᠤᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |