ᠪᠠᠶ ᠬᠠᠶ ᠯᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠳᠣᠰᠬᠠᠶᠢᠯᠠᠨ ᠲᠣᠬᠢᠷᠠᠭᠤᠯᠪᠠ
ᠨᠡᠶᠢᠲᠡᠯᠡᠭᠰᠡᠨ ᠴᠠᠭ᠄
2025/3/5
    3 ᠰᠠᠷ᠎ᠠ ᠶᠢᠨ 4᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠳᠣᠰᠬᠠᠶᠢᠯᠠᠨ ᠲᠣᠬᠢᠷᠠᠭᠤᠯᠵᠤ᠂ ᠪᠥᠬᠦ ᠠᠶᠢᠮᠠᠭ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠪᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
1.jpg
     ᠬᠤᠷᠠᠯ ᠠᠴᠠ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠵᠢᠱᠢᠯᠲᠡ ᠶᠢ ᠲᠣᠭᠲᠠᠪᠤᠷᠢᠵᠢᠭᠤᠯᠬᠤ᠂ ᠢᠲᠡᠭᠡᠯ ᠵᠣᠷᠢᠭ ᠢ ᠳᠡᠭᠡᠭᠰᠢᠯᠡᠭᠦᠯᠬᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠲᠠᠢ ᠬᠤᠯᠪᠣᠭᠳᠠᠨ᠎ᠠ᠃ ᠡᠯ᠎ᠡ ᠬᠤᠰᠢᠭᠤ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠪᠠᠷᠢᠮᠵᠢᠶ᠎ᠠ ᠶᠢ ᠪᠠᠭᠤᠷᠠᠭᠤᠯᠵᠤ ᠪᠣᠯᠬᠤ ᠦᠭᠡᠢ᠂ ᠡᠷᠴᠢᠮ ᠢ ᠰᠤᠯᠠᠷᠠᠭᠤᠯᠵᠤ ᠪᠣᠯᠬᠤ ᠦᠭᠡᠢ᠂ ᠬᠠᠷᠢᠭᠤᠴᠠᠯᠭ᠎ᠠ ᠶᠢ ᠰᠤᠯᠠᠷᠠᠭᠤᠯᠵᠤ ᠪᠣᠯᠬᠤ ᠦᠭᠡᠢ︾ ᠪᠠᠶᠢᠬᠤ ᠶᠢ ᠪᠠᠷᠢᠮᠲᠠᠯᠠᠵᠤ᠂ ᠬᠠᠷᠠᠯᠲᠠ ᠪᠠᠨ ᠲᠣᠭᠲᠠᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾᠎ ᠲᠠᠢ ᠪᠠᠶᠢᠬᠤ ᠪᠠᠷ ᠴᠢᠷᠮᠠᠶᠢᠵᠤ᠂ ᠪᠦᠬᠦ ᠵᠢᠯ ᠤᠨ ᠲᠣᠭᠲᠠᠭᠤᠨ᠂ ᠪᠦᠬᠦ ᠵᠢᠯ ᠤᠨ ᠤᠷᠤᠭᠰᠢᠯᠠᠯᠲᠠ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠪᠡ᠃     ᠬᠤᠷᠠᠯ ᠠᠴᠠ᠂ ᠨᠠᠷᠢᠨ ᠬᠢᠨᠠᠮᠠᠭᠠᠢ ᠰᠤᠳᠤᠯᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠢ ᠪᠦᠬᠦ ᠲᠠᠯ᠎ᠠ ᠪᠠᠷ ᠭᠦᠨᠵᠡᠭᠡᠢ ᠢᠯᠡᠷᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠦᠷᠦᠯ ᠵᠦᠢᠯ ᠢ ᠳᠣᠬᠢᠷᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠳᠤᠲᠠᠭᠤᠳᠠᠯ ᠢᠶᠠᠨ ᠨᠥᠬᠦᠪᠥᠷᠢᠯᠡᠬᠦ ᠬᠡᠷᠡᠭᠲᠡᠢ᠃ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠡᠳᠦᠷ ᠲᠤᠳᠤᠮ ᠤᠨ ᠲᠤᠬᠢᠷᠠᠭᠤᠯᠤᠯᠳᠠ ᠶᠢ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠬᠤᠷᠳᠤᠴᠠ ᠶᠢ ᠳᠡᠭᠡᠭᠰᠢᠯᠡᠭᠦᠯᠵᠦ᠂ ᠠᠬᠢᠴᠠ ᠶᠢ ᠲᠦᠷᠭᠡᠳᠬᠡᠵᠦ᠂ ᠴᠢᠬᠤᠯᠠ ᠶᠡᠭᠡ ᠲᠦᠷᠦᠯ ᠵᠦᠢᠯ ᠢ ᠡᠬᠢᠯᠡᠭᠦᠯᠪᠡᠰᠦ ᠵᠣᠬᠢᠬᠤ ᠶᠢ ᠨᠢ ᠪᠦᠬᠦᠨ ᠢ ᠡᠬᠢᠯᠡᠬᠦᠯᠵᠦ᠂ ᠲᠦᠷᠭᠡᠨ ᠪᠠᠶᠢᠭᠤᠯᠵᠤ ᠲᠦᠷᠭᠡᠨ ᠣᠷᠣᠭᠤᠯᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠲᠥᠷᠥ ᠶᠢᠨ ᠪᠣᠳᠣᠯᠭ᠎ᠠ ᠶᠢ ᠬᠦᠷᠭᠡᠵᠦ᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠦᠨᠡᠨ ᠰᠡᠳᠬᠢᠯ ᠠᠴᠠ ᠪᠠᠨ ᠲᠦᠭᠵᠢᠷᠡᠯ ᠢ ᠠᠷᠢᠯᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠢᠲᠡᠭᠡᠯ ᠵᠣᠷᠢᠭ ᠢ ᠨᠢ ᠬᠥᠭᠵᠢᠭᠡᠬᠦ ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠭᠦᠷᠭᠡ ᠪᠠᠨ ᠪᠡᠶᠡᠯᠡᠬᠦᠯᠬᠦ ᠤᠬᠠᠮᠰᠠᠷ ᠢᠶᠠᠨ ᠴᠢᠩᠭᠠᠳᠬᠠᠨ᠂ ᠰᠡᠳᠬᠢᠯ ᠨᠢᠬᠡᠳᠦᠨ ᠬᠦᠭᠵᠢᠯᠳᠡ ᠶᠢ ᠡᠷᠢᠯᠬᠢᠯᠡᠵᠦ᠂ ᠰᠡᠳᠬᠢᠯ ᠢᠶᠠᠨ ᠳᠦᠪᠯᠡᠷᠡᠬᠦᠯᠦᠨ ᠨᠠᠶᠢᠳᠠᠪᠣᠷᠢᠵᠢᠭᠤᠯᠣᠯᠳᠠ ᠶᠢ ᠠᠳᠬᠤᠵᠦ᠂ ᠪᠥᠬᠦ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠸᠠᠩ ᠹᠧᠩ᠂ ᠯᠢᠦ ᠴᠥᠩ ᠰᠢᠶᠤᠤ ᠣᠷᠣᠯᠴᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号