ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/3/5
    3 ᠰᠠᠷ᠎ᠠ ᠶᠢᠨ 4᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠵᠠᠬᠢᠷᠤᠯ ᠬᠤᠸᠠᠩ ᠶᠠ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠸᠢ ᠬᠠᠶ ᠬᠤᠷᠠᠯ ᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠬᠠᠢ ᠣᠷᠣᠯᠴᠠᠪᠠ᠃
1.jpg
2.jpg
     ᠬᠤᠸᠠᠩ ᠶᠠ ᠯᠢ᠂ ᠠᠯᠠᠱᠠ ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠬᠦᠴᠦᠨ ᠳᠡᠬᠦᠯᠳᠡᠷ ᠬᠦᠭᠵᠢᠬᠦ ᠵᠠᠩᠭᠢᠯᠠᠭ᠎ᠠ ᠶᠢᠨ ᠦᠶ᠎ᠡ ᠳᠤ ᠣᠷᠣᠰᠢᠵᠤ᠂ ᠵᠣᠷᠢᠭᠲᠠᠶ ᠪᠠᠷ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠎ ᠳᠡᠭᠡᠨ ᠴᠢᠳᠠᠮᠠᠭᠠᠶ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠴᠢᠮ ᠭᠡᠷᠡᠭᠰᠡᠵᠦ᠂ ᠣᠯᠠᠨ ᠢᠶᠠᠷ ᠢᠶᠠᠨ ᠲᠣᠬᠢᠶᠠᠯ ᠢ ᠨᠠᠨᠳᠢᠩᠨᠠᠨ ᠰᠤᠷᠤᠯᠴᠠᠵᠤ᠂ ᠪᠠᠶᠠᠯᠢᠭ ᠣᠯᠣᠯᠳᠠ ᠲᠠᠢ ᠪᠠᠶᠢᠬᠤ ᠬᠡᠷᠡᠭᠲᠡᠶ ᠭᠡᠪᠡ᠃     ᠬᠤᠸᠠᠩ ᠶᠠ ᠯᠢ᠂ ᠠᠵᠢᠯ ᠢᠶᠠᠨ ᠰᠠᠶᠢᠲᠤᠷ ᠬᠢᠬᠦ ᠪᠣᠯ ᠺᠠᠳ᠋ᠷ ᠤᠨ ᠣᠷᠣᠰᠢᠨ ᠲᠣᠭᠲᠠᠨᠢᠬᠤ ᠶᠢᠨ ᠦᠨᠳᠦᠰᠦ ᠮᠥᠨ᠂ ᠤᠯᠤᠰ ᠲᠦᠷᠦ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠤᠯᠤᠰ ᠲᠦᠷᠦ ᠶᠢᠨ ᠬᠠᠷᠠᠭ᠎ᠠ ᠪᠠᠨ ᠥᠷᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠳᠣᠣᠱᠯᠠᠭᠤᠯᠣᠨ ᠨᠠᠶᠢᠳᠠᠪᠤᠷᠢᠵᠢᠭᠤᠯᠬᠤ ᠬᠡᠷᠡᠭᠲᠡᠢ᠃ ᠶᠡᠭᠡ ᠬᠠᠨᠳᠤᠰᠢ ᠶᠢ ᠠᠵᠢᠭᠯᠠᠵᠤ᠂ ᠶᠡᠭᠡ ᠲᠠᠯ᠎ᠠ ᠶᠢ ᠪᠣᠳᠣᠯᠬᠢᠯᠠᠨ᠂ ᠠᠵᠢᠯ ᠤᠨ ᠳᠤᠮᠳᠠᠬᠢ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠴᠢᠬᠤᠯᠠ ᠶᠡᠭᠡ ᠠᠰᠠᠭᠤᠳᠠᠯ ᠢ ᠭᠦᠨᠵᠡᠭᠡᠢ ᠰᠤᠳᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠬᠥᠭᠵᠢᠯᠲᠡ ᠶᠢ ᠰᠠᠶᠢᠲᠤᠷ ᠲᠥᠯᠥᠪᠵᠢᠭᠦᠯᠵᠦ᠂ ᠨᠡᠩ ᠤᠯᠠᠨ ᠳᠡᠮᠵᠢᠯᠭᠡ ᠤᠯᠬᠤ ᠪᠠᠷ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠰᠤᠷᠤᠯᠴᠠᠬᠤ ᠳᠠᠭᠠᠨ ᠴᠢᠳᠠᠮᠠᠭᠠᠢ ᠪᠠᠶᠢᠵᠤ᠂ ᠴᠢᠳᠠᠪᠤᠷᠢ ᠪᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠴᠥᠬᠦᠷᠡᠰᠢ ᠦᠭᠡᠢ ᠲᠦᠷᠦ ᠶᠢᠨ ᠪᠤᠳᠤᠯᠭ᠎ᠠ ᠶᠢ ᠰᠤᠷᠤᠯᠴᠠᠬᠤ᠂ ᠲᠤᠬᠠᠶᠢᠯᠠᠭᠰᠠᠨ ᠠᠵᠢᠯ ᠢ ᠰᠤᠷᠤᠯᠴᠠᠬᠤ᠂ ᠳᠦᠷᠦᠭᠦᠴᠢ ᠮᠡᠳᠡᠯᠭᠡ ᠶᠢ ᠰᠤᠷᠤᠯᠴᠠᠬᠤ ᠶᠢ ᠪᠠᠷᠢᠮᠲᠠᠯᠠᠵᠤ᠂ ᠴᠠᠭ ᠦᠶ᠎ᠡ ᠳᠤ ᠵᠣᠬᠢᠴᠠᠬᠤ᠂ ᠬᠥᠭᠵᠢᠯᠲᠡ ᠶᠢ ᠡᠵᠡᠮᠳᠡᠬᠦ ᠵᠢᠩᠬᠢᠨᠢ ᠴᠢᠳᠠᠪᠤᠷᠢ ᠶᠢ ᠪᠦᠷᠢᠯᠳᠦᠬᠦᠯᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠡᠭᠡᠭᠰᠢᠯᠡᠯᠲᠡ ᠶᠢ ᠠᠬᠢᠭᠤᠯᠵᠤ᠂ ᠦᠷ᠎ᠡ ᠳ᠋ᠦᠩ ᠤᠨ ᠤᠳᠤᠷᠢᠳᠤᠮᠵᠢ ᠶᠢ ᠳᠤᠪᠤᠶᠢᠯᠭᠠᠵᠤ᠂ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠳᠠᠮᠠᠭᠠᠢ ᠠᠳᠬᠤᠵᠤ᠂ ᠲᠣᠭᠲᠠᠭᠠᠭᠰᠠᠨ ᠠᠵᠢᠯ ᠢ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠤᠯᠠᠨ ᠲᠦᠮᠡᠨ ᠲᠠᠢ ᠣᠶᠢᠷᠠᠲᠤᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠦᠵᠡᠯ ᠰᠠᠨᠠᠭᠠᠨ ᠤ ᠠᠵᠢᠯ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠦᠢᠯᠡᠴᠢᠯᠡᠭᠡ ᠳᠤ ᠤᠯᠠᠨ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠯᠠᠨ ᠲᠦᠮᠡᠨ ᠳᠤ ᠣᠶᠢᠯᠠᠭᠠᠭᠤᠯᠵᠦ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠳᠤ ᠤᠯᠠᠨ ᠲᠦᠮᠡᠨ ᠢ ᠣᠷᠣᠯᠴᠠᠭᠤᠯᠵᠤ᠂ ᠤᠯᠠᠨ ᠲᠦᠮᠡᠨ ᠤ ᠠᠵᠢᠯ ᠢ ᠬᠢᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠬᠠᠮᠠᠭᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠪᠠᠷᠠᠭᠠᠯᠬᠢᠯᠠᠯ ᠤᠨ ᠤᠬᠠᠮᠰᠠᠷ ᠪᠣᠯᠤᠨ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠡᠷᠡᠰᠳᠡᠯ ᠠᠴᠠ ᠵᠠᠶᠢᠯᠠᠬᠤ ᠂ ᠡᠷᠡᠰᠳᠡᠯ ᠢ ᠠᠷᠢᠯᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠭᠡᠪᠡ᠃     ᠬᠤᠸᠠᠩ ᠶᠠ ᠯᠢ ᠪᠠᠰᠠ ᠨᠠᠮ ᠤᠨ ᠰᠤᠷᠭᠠᠭᠤᠯᠢ ᠶᠢᠨ ᠡᠯ᠎ᠡ ᠠᠩᠬᠢ ᠶᠢᠨ ᠪᠣᠯᠪᠠᠰᠤᠷᠠᠯ ᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号