︵2025 ᠣᠨ ᠤ 1 ᠳ᠋ᠤᠭᠡᠷ ᠰᠠᠷ᠎ᠠ ᠶᠢᠨ 19 ᠤ ᠡᠳᠦᠷ︶ | | ᠰᠠᠶ᠋ᠢ᠂ ᠬᠤᠸᠠᠩ ᠶᠠ ᠯᠢ ᠱᠦᠵᠢ ᠥᠩᠭᠡᠷᠡᠭᠰᠡᠨ ᠨᠢᠭᠡ ᠵᠢᠯ ᠤᠨ ᠪᠥᠬᠦ ᠠᠶᠢᠮᠠᠭ ᠤᠨ ᠡᠯ᠎ᠡ ᠠᠵᠢᠯ ᠦᠢᠯᠡᠰ ᠤᠨ | ᠳᠠᠪᠰᠢᠯᠲᠠ ᠪᠠ ᠬᠤᠪᠢᠷᠠᠯᠲᠠ ᠶᠢ ᠪᠥᠬᠦ ᠲᠠᠯ᠎ᠠ ᠪᠠᠷ ᠳ᠋ᠦᠩᠨᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠠᠵᠠ | ᠲᠣᠬᠢᠶᠠᠯ ᠪᠠ ᠰᠣᠷᠢᠯᠳᠠ ᠶᠢ ᠭᠦᠨᠵᠡᠭᠡᠶ ᠵᠠᠳᠠᠯᠵᠤ᠂ 2025 ᠣᠨ ᠤ ᠪᠥᠬᠦ ᠠᠶᠢᠮᠠᠭ ᠤᠨ ᠬᠥᠭᠵᠢᠯᠲᠡ ᠶᠢᠨ | ᠬᠠᠷᠠᠯᠲᠠ ᠪᠠ ᠭᠤᠤᠯᠳᠠᠯᠭ᠎ᠠ ᠶᠢ ᠰᠢᠰᠲ᠋ᠧᠮ ᠲᠠᠢ ᠪᠠᠶᠢᠷᠢᠯᠠᠭᠤᠯᠪᠠ᠃ ᠶᠠᠷᠢᠶᠠᠨ ᠤ ᠵᠣᠭᠰᠣᠴᠠ ᠥᠨᠳᠥᠷ᠂ | ᠭᠤᠤᠯᠳᠠᠯᠭ᠎ᠠ ᠲᠣᠪᠤᠶᠢᠮ᠎ᠠ᠂ ᠠᠷᠭ᠎ᠠ ᠬᠡᠮᠵᠢᠶ᠎ᠡ ᠪᠣᠳᠠᠲᠠᠶ ᠶᠢ ᠡᠷᠬᠢᠮᠯᠡᠵᠦ᠂ ᠱᠠᠭᠠᠷᠳᠠᠯᠭ᠎ᠠ ᠲᠣᠳᠣᠷᠬᠠᠶ ᠪᠠᠶᠢᠨ᠎ᠠ᠂ | ᠪᠢᠳᠡ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠰᠠᠶᠢᠲᠤᠷ ᠳᠣᠣᠱᠯᠠᠭᠤᠯᠣᠨ ᠨᠠᠶᠢᠳᠠᠪᠤᠷᠢᠵᠢᠭᠤᠯᠬᠤ ᠬᠡᠷᠡᠭᠲᠡᠶ᠃ | 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢ | ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠪᠥᠬᠦ ᠠᠶᠢᠮᠠᠭ ᠤᠨ ᠬᠥᠭᠵᠢᠯᠲᠡ ᠰᠣᠷᠢᠯᠳᠠ ᠳᠤ ᠲᠤᠯᠭᠠᠷᠠᠵᠤ | ᠯᠠᠪᠳᠠᠭᠤᠨ ᠢᠶᠠᠷ ᠤᠷᠤᠭᠰᠢᠯᠠᠭᠰᠠᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠠᠶᠢᠮᠠᠭ ᠤᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠪᠠ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ︽157︾ ᠰᠡᠳᠬᠢᠴᠡ ᠲᠠᠢ ᠨᠢᠭᠲᠠ ᠤᠶᠠᠯᠳᠤᠭᠤᠯᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠠᠯᠬᠤᠮ ᠢ ᠠᠯᠬᠤᠵᠤ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ | ᠨᠢᠭᠡ ᠳᠤ᠂ ᠠᠵᠤ ᠠᠬᠤᠶ ᠶᠢᠨ ᠠᠵᠢᠯᠯᠠᠭᠠᠨ ᠰᠠᠶᠢᠵᠢᠷᠠᠪᠠ᠃ ᠲᠥᠷᠥᠯ ᠵᠦᠢᠯ ᠤᠨ ᠪᠡᠯᠡ ᠣᠷᠣᠭᠤᠯᠤᠯᠲᠠ | ᠨᠡᠯᠢᠶᠡᠳ ᠲᠦᠷᠭᠡᠨ ᠨᠡᠮᠡᠭᠳᠡᠬᠦ ᠶᠢ ᠪᠠᠲᠤᠯᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ | ᠠᠩᠬ᠎ᠠ ᠠᠯᠬᠤᠮ ᠦᠷ᠎ᠡ ᠪᠦᠲᠦᠮᠵᠢ ᠣᠯᠵᠤ᠂ ᠨᠥᠭᠡᠴᠡᠯᠡᠬᠦ ᠪᠠᠷ ᠳᠦᠯᠦᠪᠯᠡᠭᠰᠡᠨ 96 ᠴᠢᠬᠤᠯᠠ ᠶᠡᠭᠡ ᠲᠥᠷᠥᠯ | ᠵᠦᠢᠯ ᠤᠨ 63 ᠴᠢᠬᠤᠯᠠ ᠶᠡᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ 36 ᠶᠢ ᠣᠷᠣᠭᠤᠯᠵᠤ᠂ ᠳᠡᠭᠡᠳᠦ ᠱᠠᠲᠤᠨ ᠤ ᠪᠠᠯᠠ ᠮᠥᠩᠭᠦ ᠶᠢ | 50.6 ᠳ᠋ᠦᠩᠰᠢᠭᠤᠷ ᠲᠥᠭᠦᠷᠢᠭ ᠴᠢᠷᠮᠠᠶᠢᠨ ᠣᠯᠪᠠ︔ 134 ᠭᠤᠣᠯᠳᠠᠯᠭ᠎ᠠ ᠲᠠᠢ ᠲᠥᠷᠥᠯ ᠵᠦᠢᠯ ᠢ ᠡᠮᠬᠢ | ᠴᠡᠭᠴᠡ ᠲᠠᠢ ᠠᠬᠢᠭᠤᠯᠵᠤ᠂ 385.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 7. | 3% ᠪᠠᠷ ᠨᠡᠮᠡᠭᠳᠡᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 33 ᠲᠥᠷᠥᠯ ᠵᠦᠢᠯ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠪᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 164 ᠲᠥᠷᠥᠯ | ᠵᠦᠢᠯ ᠢ ᠬᠡᠷᠡᠭᠵᠢᠭᠦᠯᠵᠦ᠂ ᠨᠠᠶᠢᠳᠠᠪᠣᠷᠢᠵᠢᠭᠤᠯᠣᠭᠰᠠᠨ ᠪᠡᠯᠡ ᠮᠥᠩᠭᠦ ᠶᠢ 19% ᠪᠠᠷ ᠨᠡᠮᠡᠭᠳᠡᠭᠦᠯᠦᠨ᠂ ᠣᠷᠣᠨ ᠤ | ᠭᠠᠳᠠᠨᠠᠬᠢ ᠨᠠᠶᠢᠳᠠᠪᠣᠷᠢᠵᠢᠭᠤᠯᠣᠭᠰᠠᠨ ᠪᠡᠯᠡ ᠮᠥᠩᠭᠦ ᠶᠢᠨ ᠨᠡᠮᠡᠭᠳᠡᠯ ᠤᠨ ᠬᠤᠷᠳᠤᠴᠠ᠂ ᠭᠠᠳᠠᠭᠠᠳᠤ ᠪᠡᠯᠡ ᠶᠢ | ᠣᠷᠣᠭᠤᠯᠣᠭᠰᠠᠨ ᠨᠡᠮᠡᠭᠳᠡᠯ ᠤᠨ ᠬᠤᠷᠳᠤᠴᠠ ᠨᠢ ᠴᠥᠮ ᠪᠦᠬᠦ ᠣᠷᠣᠨ ᠤ ᠲᠡᠷᠢᠭᠦᠨ ᠳᠤ ᠣᠷᠣᠪᠠ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ 20 ᠵᠤᠷᠪᠤᠰ ᠪᠠ ᠱᠠᠩᠨᠠᠨ | ᠬᠥᠬᠢᠭᠦᠯᠬᠦ 31 ᠠᠷᠭ᠎ᠠ ᠬᠡᠮᠵᠢᠶ᠎ᠡ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ | ᠨᠡᠶᠢᠲᠡᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢ ᠬᠦᠭᠵᠢᠬᠦᠯᠬᠦ ᠪᠠ ᠦᠢᠯᠡᠴᠢᠯᠡᠬᠦ ᠲᠣᠪᠴᠢᠶ᠎ᠠ ᠶᠢ | ᠪᠠᠶᠢᠭᠤᠯᠵᠤ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠥᠷᠢ ᠶᠢ 2.67 ᠳ᠋ᠦᠩᠰᠢᠭᠤᠷ ᠲᠥᠭᠦᠷᠢᠭ ᠳᠦᠯᠦᠵᠦ᠂ | ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ ᠪᠣᠴᠠᠭᠠᠭᠰᠠᠨ ᠨᠢ | 5.26 ᠳ᠋ᠦᠩᠰᠢᠭᠤᠷ ᠲᠥᠭᠦᠷᠢᠭ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠵᠢᠱᠢᠯᠲᠡ ᠪᠠᠷ 300% ᠪᠠᠷ | ᠨᠡᠮᠡᠭᠳᠡᠪᠡ᠃ 2024 ᠣᠨ ᠳᠤ᠂ ᠪᠥᠬᠦ ᠠᠶᠢᠮᠠᠭ ᠤᠨ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠶ | ᠥᠷᠲᠡᠭ 6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠣᠶᠢᠷ᠎ᠠ ᠶᠢᠨ 4 ᠵᠢᠯ ᠤᠨ ᠲᠤᠷᠰᠢᠬᠢ ᠬᠠᠮᠤᠭ ᠤᠨ | ᠥᠨᠳᠥᠷ ᠲᠦᠪᠰᠢᠨ ᠳᠤ ᠬᠥᠷᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | 13.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 11 ᠰᠠᠷ᠎ᠠ ᠳᠠᠷᠠᠭᠠᠯᠠᠨ ᠪᠦᠬᠦ ᠣᠷᠣᠨ ᠤ ᠡᠮᠦᠨ᠎ᠡ | ᠬᠤᠶᠠᠷ ᠪᠠᠶᠢᠷᠢ ᠶᠢ ᠡᠵᠡᠯᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 15.5% ᠪᠠᠷ ᠨᠡᠮᠡᠭᠳᠡᠨ᠂ 4 | ᠵᠢᠯ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ 8 % ᠪᠠᠷ ᠨᠡᠮᠡᠭᠳᠡᠵᠦ᠂ ᠵᠢᠯ ᠤᠨ ᠡᠬᠢᠨ ᠤ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ | ᠬᠤᠶᠠᠷ ᠲᠤ᠂ ᠠᠵᠤ ᠦᠢᠯᠡᠰ ᠤᠨ ᠲᠡᠰ ᠳᠡᠪᠰᠢᠯᠳᠡ ᠰᠢᠨ᠎ᠡ ᠠᠯᠬᠤᠮ ᠢ ᠠᠯᠬᠤᠪᠠ᠃ ᠪᠦᠬᠦ ᠤᠯᠤᠰ ᠤᠨ | ᠣᠳᠣ ᠦᠶ᠎ᠡ ᠶᠢᠨ ᠲᠡᠮᠡᠭᠡᠨ ᠤ ᠠᠵᠤ ᠦᠢᠯᠡᠰ ᠪᠠ ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠯᠲᠠ ᠲᠠᠢ ᠪᠣᠯᠵᠤ᠂ ᠢᠩᠭᠡᠨ ᠰᠦ ᠪᠠᠷ | ᠤᠳᠤᠷᠢᠳᠤᠮᠵᠢ ᠪᠣᠯᠭᠠᠭᠰᠠᠨ ᠣᠳᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠠᠩᠬ᠎ᠠ ᠠᠯᠬᠤᠮ | ᠬᠡᠪᠴᠢᠶᠡᠵᠢᠵᠦ᠂ ᠲᠦᠭᠦᠬᠡᠶ ᠰᠣᠷᠭᠤᠭ ᠢᠩᠭᠡᠨ ᠰᠦ ᠶᠢᠨ ᠭᠠᠷᠤᠯᠲᠠ ᠠᠩᠬ᠎ᠠ ᠤᠳᠠᠭ᠎ᠠ 1 ᠲᠦᠮᠡᠨ ᠲᠣᠨ ᠢ | ᠳᠠᠪᠠᠵᠤ᠂ ᠭᠠᠷᠤᠯᠲᠠ ᠨᠢ ᠪᠦᠬᠦ ᠤᠯᠤᠰ ᠤᠨ ᠣᠷᠣᠨ ᠬᠤᠲᠠ ᠶᠢᠨ ᠲᠡᠷᠢᠭᠦᠨ ᠳᠤ ᠣᠷᠣᠪᠠ︔ ᠠᠯᠠᠱᠠ ᠶᠢᠨ ᠴᠠᠭᠠᠨ | ᠭᠤᠶᠣᠣ ︽ᠨᠢᠭᠡ ᠪᠦᠰᠡ ᠨᠢᠭᠡ ᠵᠠᠮ︾ ᠤᠨ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠨᠠᠷᠢᠨ ᠬᠠᠭᠤᠳᠠᠰᠣᠨ ᠳᠤ | ᠪᠦᠷᠢᠳᠬᠡᠬᠦᠯᠵᠦ᠂ ᠳ᠋ᠦᠩ ᠧ ᠴᠠᠷᠴᠠᠮᠠᠭ ᠪᠦᠯᠦᠭᠯᠡᠯ ᠲᠠᠢ ᠬᠠᠮᠲᠤᠷᠠᠯᠴᠠᠬᠤ ᠲᠥᠷᠥᠯ ᠵᠦᠢᠯ ᠢ ᠵᠠᠯᠭᠠᠭ᠎ᠠ ᠪᠠᠷ | ᠨᠠᠶᠢᠳᠠᠪᠤᠷᠢᠵᠢᠭᠤᠯᠵᠤ᠂ ᠴᠠᠭᠠᠨ ᠭᠤᠶᠣᠣ ᠶᠢ ᠨᠠᠷᠢᠯᠢᠭ ᠪᠣᠯᠪᠠᠰᠣᠷᠠᠭᠤᠯᠣᠭᠰᠠᠨ 2 ᠦᠢᠯᠡᠳᠬᠦᠨ ᠢ ᠨᠡᠶᠢᠲᠡᠯᠡᠪᠡ᠃ | ᠪᠦᠬᠦ ᠤᠯᠤᠰ ᠤᠨ ᠣᠳᠣ ᠦᠶ᠎ᠡ ᠶᠢᠨ ᠳᠠᠪᠣᠰᠣ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠵᠤ᠂ ᠪᠥᠸᠧ ᠶᠤᠸᠠᠨ ᠪᠠᠶᠢᠭᠠᠯᠢ ᠶᠢᠨ ᠬᠤᠵᠢᠷ ᠤᠨ 3 | ᠦᠢᠯᠡᠳᠪᠦᠷᠢᠯᠡᠯ ᠤᠨ ᠱᠤᠭᠤᠮ ᠲᠣᠭᠲᠠᠭᠤᠨ ᠢᠶᠠᠷ ᠠᠵᠢᠯᠯᠠᠵᠤ᠂ ᠳᠠᠪᠣᠰᠣ ᠬᠤᠵᠢᠷ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠳᠪᠦᠷᠢ ᠶᠢ ᠳᠠᠶᠢᠴᠢᠯᠠᠭᠰᠠᠨ ᠨᠡᠮᠡᠭᠳᠡᠯ 10 ᠵᠠᠭᠤᠨ ᠤ ᠴᠡᠭ ᠨᠡᠮᠡᠭᠳᠡᠪᠡ᠃ | ᠬᠦᠷᠢᠶᠡᠯᠡᠩ ᠲᠣᠭᠤᠷᠢᠭ ᠪᠠ ᠠᠵᠤ ᠦᠢᠯᠡᠰ ᠢ ᠲᠠᠰ ᠳᠡᠪᠰᠢᠭᠦᠯᠬᠦ ᠢᠨᠵᠧᠨᠧᠷᠢᠩ ᠰᠢᠨ᠎ᠡ ᠦᠷ᠎ᠡ ᠪᠦᠲᠦᠭᠡᠯ ᠣᠯᠵᠤ᠂ | ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ 59 ᠲᠥᠷᠥᠯ ᠵᠦᠢᠯ ᠢ ᠬᠡᠷᠡᠭᠵᠢᠭᠦᠯᠵᠦ᠂ ᠯᠢᠩ ᠱᠧᠩ ᠰᠢᠨᠵᠢᠯᠡᠬᠦ | ᠤᠬᠠᠭᠠᠨ ᠮᠡᠷᠭᠡᠵᠢᠯ᠂ ᠷᠦᠢ ᠳ᠋ᠡ ᠲᠠᠢ ᠹᠧᠩ᠂ ᠴᠢᠩ ᠬᠤᠸᠠ ᠵᠡᠷᠭᠡ 31 ᠲᠥᠷᠥᠯ ᠵᠦᠢᠯ ᠪᠠᠷᠢᠯᠭ᠎ᠠ ᠳᠠᠭᠤᠰᠴᠤ | ᠠᠰᠢᠭᠯᠠᠯᠲᠠ ᠳᠤ ᠣᠷᠣᠭᠰᠠᠨ ᠪᠤᠶᠤ ᠲᠤᠷᠰᠢᠨ ᠠᠵᠢᠯᠯᠠᠵᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ | ᠤ ᠬᠢᠨ ᠪᠥᠬᠦ ᠣᠷᠣᠨ ᠤ ᠥᠨᠳᠥᠷ ᠬᠢᠷᠢ ᠲᠦᠪᠰᠢᠨ ᠪᠥᠬᠦᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠡᠭᠦᠳᠦᠨ ᠪᠠᠶᠢᠭᠤᠯᠬᠤ ᠨᠡᠷᠡᠰ ᠲᠤ ᠰᠣᠩᠭᠤᠭᠳᠠᠵᠤ᠂ ᠲᠩᠷᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠠᠵᠤ ᠦᠢᠯᠡᠳᠪᠦᠷᠢ ᠶᠢᠨ ᠲᠣᠭᠠᠴᠢᠯᠠᠯᠲᠠ ᠶᠢᠨ ᠬᠡᠮᠵᠢᠶ᠎ᠡ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠡᠯ ᠤᠨ ᠦᠢᠯᠡᠰ ᠤᠨ ᠲᠡᠷᠢᠭᠦᠨ ᠠᠵᠤ ᠠᠬᠤᠶᠢᠯᠠᠯ ᠢ 2 | ᠨᠡᠮᠡᠭᠳᠡᠭᠦᠯᠪᠡ᠃ ᠪᠥᠬᠦ ᠤᠯᠤᠰ ᠤᠨ ᠰᠢᠨ᠎ᠡ ᠡᠨᠧᠷᠭᠢ ᠶᠢᠨ ᠴᠢᠬᠤᠯᠠ ᠲᠣᠮᠣ ᠰᠠᠭᠤᠷᠢᠨ ᠭᠠᠵᠠᠷ ᠢ ᠪᠠᠶᠢᠭᠤᠯᠬᠤ ᠳᠤ | ᠰᠢᠨ᠎ᠡ ᠰᠢᠪᠲᠤᠯᠤᠯᠲᠠ ᠲᠠᠢ ᠪᠣᠯᠵᠤ᠂ ᠲᠩᠷᠢ ᠶᠡᠭᠡ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠵᠡᠷᠭᠡ 27 | ᠲᠥᠷᠥᠯ ᠵᠦᠢᠯ ᠢ ᠲᠣᠤᠷ ᠲᠤ ᠣᠷᠣᠭᠤᠯᠤᠨ ᠴᠠᠬᠢᠯᠭᠠᠨ ᠭᠠᠷᠭᠠᠵᠤ᠂ ᠵᠢᠶᠠᠩᠰᠢ ᠳᠤ ᠬᠦᠷᠭᠡᠬᠦ ᠱᠣᠭᠤᠮ ᠢ | ᠤᠯᠤᠰ ᠤᠨ ᠲᠥᠯᠥᠪᠵᠢᠭᠦᠯᠭᠡ ᠳᠤ ᠣᠷᠣᠭᠤᠯᠵᠤ᠂ ᠪᠥᠬᠦ ᠤᠯᠤᠰ ᠤᠨ ᠠᠩᠬᠠᠳᠠᠭᠴᠢ ᠴᠡᠪᠡᠷ ᠮᠧᠲ᠋ᠢᠯ ᠠᠯᠺᠣᠤᠯ᠂ | ᠪᠥᠬᠦ ᠣᠷᠣᠨ ᠤ ᠠᠩᠬᠠᠳᠠᠭᠴᠢ ᠠᠶᠢᠮᠠᠭ ᠬᠤᠲᠠ ᠠᠯᠤᠰᠯᠠᠭᠰᠠᠨ ᠰᠢᠨ᠎ᠡ ᠡᠨᠧᠷᠭᠢ ᠶᠢᠨ ᠬᠠᠷᠢᠯᠴᠠᠨ ᠲᠡᠳᠬᠦᠬᠦ | ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠷᠧᠨ ᠾᠧ᠂ ᠶᠦᠨ ᠳ᠋ᠡ ᠵᠡᠷᠭᠡ ᠲᠣᠨᠤᠭ | ᠲᠥᠬᠦᠭᠡᠷᠦᠮᠵᠢ ᠦᠢᠯᠡᠳᠬᠦ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠪᠥᠬᠦ ᠠᠶᠢᠮᠠᠭ ᠤᠨ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠳᠠᠬᠢᠨ ᠢᠶᠠᠷ ᠨᠡᠮᠡᠭᠳᠡᠵᠦ᠂ ︽ᠬᠤᠶᠠᠷ ᠢ ᠳᠠᠪᠠᠭᠤᠯᠬᠤ︾ ᠶᠢ | ᠤᠷᠢᠳᠴᠢᠯᠠᠨ ᠪᠡᠶᠡᠯᠡᠭᠦᠯᠪᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠬᠠᠯᠠᠭᠤᠷᠠᠨ ᠴᠢᠨᠠᠷᠵᠢᠵᠦ᠂ 4A | ᠲᠠᠰ ᠠᠴᠠ ᠳᠡᠭᠡᠭᠰᠢᠬᠢ 16 ᠦᠵᠡᠮᠵᠢ ᠶᠢᠨ ᠣᠷᠣᠨ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠦᠨ᠂ 40 | ᠰᠣᠳᠣᠨ ᠵᠠᠮ ᠱᠤᠭᠤᠮ ᠢ ᠪᠣᠶ ᠪᠣᠯᠭᠠᠵᠤ᠂ ︽ᠰᠡᠳᠬᠢᠯ ᠢ ᠰᠣᠭᠳᠣᠭᠤᠷᠠᠭᠤᠯᠣᠮᠠ ᠠᠯᠠᠱᠠ ᠳᠤ ᠵᠣᠯᠭᠠᠶ᠎ᠠ︾ ᠰᠢᠷᠢᠰ | ᠠᠵᠢᠯᠯᠠᠭ᠎ᠠ ᠶᠢ 130 ᠭᠠᠷᠤᠶ ᠡᠷᠭᠢᠯᠡᠵᠦ᠂ ᠵᠤᠭᠠᠴᠠᠭᠰᠠᠳ 1000 ᠲᠦᠮᠡᠨ ᠬᠥᠮᠦᠨ ᠤᠳᠠᠭ᠎ᠠ᠂ | ᠵᠢᠭᠤᠯᠴᠢᠯᠠᠯ ᠤᠨ ᠣᠷᠣᠯᠭ᠎ᠠ 100 ᠳ᠋ᠦᠩᠰᠢᠭᠤᠷ ᠲᠥᠭᠦᠷᠢᠭ ᠢ ᠳᠠᠪᠠᠵᠤ᠂ ᠲᠣᠰ ᠲᠣᠰ 26% ᠪᠠ 25% ᠪᠠᠷ | ᠨᠡᠮᠡᠭᠳᠡᠪᠡ᠃ ᠠᠭᠤᠷᠬᠠᠶ ᠶᠢᠨ ᠭᠠᠷᠤᠯᠲᠠ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ | ᠳᠡᠭᠡᠭᠰᠢᠯᠡᠵᠦ᠂ 1.83 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠴᠢᠷᠮᠠᠶᠢᠨ ᠣᠯᠵᠤ ᠰᠠᠭᠤᠷᠢ ᠮᠥᠩᠭᠦ ᠶᠢᠨ | 20 ᠲᠥᠷᠥᠯ ᠵᠦᠢᠯ ᠢ ᠬᠡᠷᠡᠭᠵᠢᠭᠦᠯᠵᠦ᠂ ᠰᠢᠯᠵᠢᠭᠦᠯᠦᠨ ᠥᠭᠭᠦᠭᠰᠡᠨ ᠠᠰᠢᠭ ᠣᠯᠵᠠᠪᠤᠷᠢ 1.5 ᠳ᠋ᠦᠩᠰᠢᠭᠤᠷ | ᠲᠥᠭᠦᠷᠢᠭ ᠪᠣᠯᠪᠠ᠃ ᠨᠡᠭᠦᠷᠡᠰᠦᠨ ᠤ ᠡᠬᠢ ᠪᠠᠶᠠᠯᠢᠭ ᠢ ᠬᠠᠳᠠᠭᠠᠯᠠᠵᠤ ᠲᠣᠬᠢᠷᠠᠭᠤᠯᠬᠤ ᠠᠷᠠᠯᠵᠢᠶᠠᠨ ᠤ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠡᠮᠬᠢ ᠵᠢᠷᠤᠮ ᠲᠠᠢ ᠠᠭᠢᠵᠤ᠂ ᠪᠥᠬᠦ ᠣᠷᠣᠨ ᠤ ᠠᠩᠬᠠᠳᠠᠭᠴᠢ ᠲᠡᠶᠢᠷᠦᠯᠲᠦ | ᠰᠤᠮᠤ ᠬᠠᠷᠪᠤᠬᠤ ᠡᠭᠡᠭᠦᠯᠦᠨ ᠬᠤᠷᠢᠶᠠᠬᠤ ᠲᠤᠷᠰᠢᠯᠲᠠ ᠶᠢᠨ ᠲᠠᠯᠠᠪᠠᠶ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠬᠤ ᠶᠢᠨ ᠬᠠᠮᠲᠤ ᠲᠤᠷᠰᠢᠵᠤ᠂ ᠳᠣᠤᠷ᠎ᠠ ᠠᠭᠠᠷ ᠤᠨ ᠠᠵᠤ ᠠᠬᠤᠶ ᠶᠢ ᠬᠦᠭᠵᠢᠬᠦᠯᠬᠦ ᠶᠡᠭᠡ ᠬᠤᠷᠠᠯ ᠢ | ᠠᠮᠵᠢᠯᠲᠠ ᠲᠠᠢ ᠡᠷᠭᠢᠯᠡᠵᠦ᠂ ᠬᠠᠴᠢᠨ ᠴᠢᠯᠠᠭᠤᠨ ᠤ ᠠᠵᠤ ᠦᠢᠯᠡᠰ ᠤᠨ ᠠᠷᠠᠯᠵᠢᠶᠠᠨ ᠤ ᠲᠤᠭ᠎ᠠ 10 ᠳ᠋ᠦᠩᠰᠢᠭᠤᠷ | ᠲᠥᠭᠦᠷᠢᠭ ᠢ ᠳᠠᠪᠠᠪᠠ᠃ | ᠭᠤᠷᠪᠠ ᠳᠤ᠂ ᠠᠮᠢ ᠠᠬᠤᠶ ᠶᠢᠨ ᠵᠠᠰᠠᠯᠲᠠ ᠴᠢᠬᠤᠯᠠ ᠶᠡᠭᠡ ᠦᠷ᠎ᠡ ᠪᠦᠲᠦᠮᠵᠢ ᠤᠯᠪᠠ᠃ ᠮᠠᠨ ᠤ ᠤᠯᠤᠰ ᠤᠨ | ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠠᠶᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠪᠦᠬᠦ ᠵᠢᠯ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠡᠯᠡ ᠮᠥᠩᠭᠦ ᠶᠢ 29.2 ᠳ᠋ᠦᠩᠰᠢᠭᠤᠷ ᠲᠥᠭᠦᠷᠢᠭ ᠣᠷᠣᠭᠤᠯᠵᠤ᠂ 593 ᠲᠦᠮᠡᠨ ᠮᠦ ᠡᠯᠡᠰᠦ ᠶᠢ | ᠵᠠᠰᠠᠵᠦ᠂ ᠳᠣᠬᠠᠢ ᠶᠢᠨ ᠵᠢᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ᠂ ᠡᠭᠦᠷᠭᠡ ᠶᠢᠨ ᠬᠡᠮᠵᠢᠶ᠎ᠡ ᠨᠢ ᠴᠥᠮ | ᠨᠢᠳᠤᠨᠤᠨ ᠤ 5 ᠳᠠᠬᠢᠨ᠂ ᠦᠩᠬᠡᠷᠡᠭᠰᠡᠨ 5 ᠵᠢᠯ ᠤᠨ ᠶᠡᠷᠦᠩᠬᠡᠢ ᠬᠡᠮᠵᠢᠶ᠎ᠡ ᠶᠢ ᠳᠠᠪᠠᠪᠠ᠃ 1 ᠵᠢᠯ ᠤᠨ | ᠬᠤᠭᠤᠴᠠᠭ᠎ᠠ ᠶᠢ ᠵᠠᠷᠣᠴᠠᠭᠤᠯᠵᠦ ᠪᠠᠶᠢᠭᠠᠳ ᠪᠠᠷᠠᠭᠤᠨ ᠣᠷᠣᠨ ᠤ ᠴᠦᠯᠯᠡᠷᠭᠡᠭᠵᠢᠯ ᠢ ᠵᠠᠰᠠᠬᠤ ᠬᠤᠶᠠᠳᠤᠭᠠᠷ | ᠬᠤᠭᠤᠴᠠᠭᠠᠨ ᠤ ᠲᠥᠷᠥᠯ ᠵᠦᠢᠯ ᠤᠨ ᠦᠯᠡᠳᠡᠭᠰᠡᠨ ᠬᠤᠶᠠᠷ ᠵᠢᠯ ᠤᠨ ᠵᠠᠰᠠᠯᠲᠠ ᠶᠢᠨ ᠡᠭᠦᠷᠭᠡ ᠶᠢ ᠪᠡᠶᠡᠯᠡᠭᠦᠯᠵᠦ᠂ | ᠠᠵᠤ ᠠᠬᠤᠶᠢᠯᠠᠯ ᠤᠨ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ᠂ ᠬᠡᠷᠡᠭᠯᠡᠭᠡᠨ ᠤ ᠭᠠᠵᠠᠷ ᠲᠤ ᠮᠡᠷᠭᠡᠵᠢᠯ ᠢᠶᠠᠷ | ᠵᠠᠰᠠᠬᠤ᠂ ᠲᠤᠬᠠᠶ ᠶᠢᠨ ᠭᠠᠵᠠᠷ ᠤᠨ ᠣᠯᠠᠨ ᠲᠦᠮᠡᠨ ᠢ ᠳᠠᠶᠢᠴᠢᠯᠠᠨ ᠡᠯᠡᠰᠦ ᠶᠢ ᠵᠠᠰᠠᠵᠤ ᠣᠷᠣᠯᠭ᠎ᠠ ᠶᠢ ᠨᠢ | ᠨᠡᠮᠡᠭᠳᠡᠭᠦᠯᠬᠦ᠂ ᠲᠥᠷᠥᠯ ᠵᠦᠢᠯ ᠤᠨ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ | ᠠᠰᠢᠭᠲᠠᠶ ᠬᠠᠶᠢᠨ ᠰᠥᠪᠡᠭᠴᠢᠯᠡᠯᠲᠡ ᠬᠢᠵᠦ ᠰᠢᠨ᠎ᠡ ᠶᠢ ᠡᠭᠦᠳᠴᠦ᠂ ᠴᠦᠯᠯᠡᠷᠭᠡᠭᠵᠢᠯ ᠢ ᠵᠠᠰᠠᠬᠤ ︽ᠠᠯᠠᠱᠠ ᠶᠢᠨ ᠭᠡᠪ | ᠮᠠᠶ᠋ᠢᠭ︾ ᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠥᠷᠭᠡᠳᠬᠡᠵᠡᠶ᠃ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠠ ᠰᠢᠨ᠎ᠡ ᠡᠨᠧᠷᠭᠢ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠢ | ᠭᠦᠨᠵᠡᠭᠡᠶ ᠬᠡᠷᠡᠭᠵᠢᠭᠦᠯᠵᠦ᠂ 2 ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠢᠯᠢ ᠶᠢᠨ ᠰᠤᠮᠤ | ᠪᠠᠯᠭᠠᠰᠤᠨ ᠳᠤ 6 ᠵᠠᠰᠠᠬᠤ ᠲᠥᠷᠥᠯ ᠵᠦᠢᠯ ᠢ ᠪᠠᠶᠢᠷᠢᠰᠢᠭᠤᠯᠵᠤ᠂ 26.4 ᠲᠦᠮᠡᠨ ᠮᠦ ᠡᠯᠡᠰᠦᠷᠬᠡᠭᠵᠢᠭᠰᠡᠨ ᠭᠠᠵᠠᠷ | ᠰᠢᠷᠣᠶ ᠶᠢ ᠵᠠᠰᠠᠪᠠ᠃ ᠪᠠᠳᠠᠶ ᠶᠢᠨ ᠵᠢᠷᠠᠨ ᠤ ᠡᠯᠡᠰᠦᠨ ᠴᠦᠯ—ᠡᠯᠡᠰᠦᠨ ᠴᠣᠬᠢᠶ᠎ᠠ ᠨᠠᠭᠤᠷ ︽ᠳᠡᠯᠡᠬᠡᠶ ᠶᠢᠨ | ᠥᠪ ᠤᠨ ᠨᠡᠷᠡᠰ︾ ᠲᠤ ᠠᠮᠵᠢᠯᠲᠠ ᠲᠠᠢ ᠵᠢᠭᠰᠠᠭᠠᠭᠳᠠᠵᠤ᠂ ᠠᠯᠠᠱᠠ ᠪᠥᠬᠦ ᠤᠯᠤᠰ ᠤᠨ ᠴᠣᠷᠢ ᠶᠢᠨ ᠭᠠᠭᠴᠠ | ᠳᠡᠯᠡᠬᠡᠶ ᠶᠢᠨ ᠡᠯᠡᠰᠦᠨ ᠴᠦᠯ ᠤᠨ ᠲᠥᠷᠥᠯ ᠤᠨ ᠪᠠᠶᠢᠭᠠᠯᠢ ᠶᠢᠨ ᠥᠪ ᠲᠠᠢ ᠭᠠᠵᠠᠷ ᠣᠷᠣᠨ ᠪᠣᠯᠪᠠ᠃ ᠲᠥᠪ᠂ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠪᠠ᠃ | ᠲᠦᠷᠪᠡ ᠳᠤ᠂ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ ᠰᠢᠯᠢᠳᠡᠭᠵᠢᠭᠦᠯᠪᠡ᠃ | ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠭᠦᠨᠵᠡᠭᠡᠶ ᠠᠬᠢᠭᠤᠯᠵᠤ᠂ | ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠲᠥᠷᠥᠯ ᠵᠦᠢᠯ ᠢ 6 ᠬᠡᠷᠡᠭᠵᠢᠭᠦᠯᠵᠦ᠂ G1817 ᠪᠠᠶᠠᠨᠬᠤᠳᠳᠤᠭ ᠠᠴᠠ | ᠪᠠᠶᠠᠨᠬᠤᠲᠠ ᠬᠦᠷᠬᠦ ᠬᠡᠰᠡᠭ ᠢ ᠨᠡᠪᠲᠡᠷᠡᠭᠦᠯᠵᠦ᠂ G213 ᠳ᠋ᠦᠩ ᠹᠧᠩ ᠰᠠᠨᠰᠠᠷ ᠤᠨ ᠬᠤᠲᠠ ᠠᠴᠠ ᠠᠷᠪᠠᠨ | ᠳᠥᠷᠪᠡᠳᠦᠭᠡᠷ ᠰᠠᠭᠤᠷᠢᠨ ᠬᠦᠷᠲᠡᠯᠡᠬᠢ ᠵᠠᠰᠠᠮᠠᠯ ᠵᠠᠮ ᠤᠨ ᠪᠦᠳᠦᠬᠡᠨ ᠪᠠᠶᠢᠭᠤᠯᠣᠯᠳᠠ ᠶᠢ ᠤᠷᠤᠭᠰᠢᠲᠠᠶ ᠬᠡᠷᠡᠭᠵᠢᠭᠦᠯᠵᠦ | ᠂ ᠢᠷᠭᠠᠢ ᠠᠴᠠ ᠪᠠᠶᠠᠨᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠰᠢᠪᠲᠤᠯᠤᠯᠲᠠ | ᠲᠠᠢ ᠪᠣᠯᠵᠦ᠂ ᠴᠠᠭᠠᠠᠳᠡᠷᠡᠰᠦ ᠠᠴᠠ ᠪᠠᠶᠠᠨᠬᠤᠲᠠ ᠬᠦᠷᠬᠦ ᠲᠡᠮᠦᠷ ᠵᠠᠮ ᠢ ᠪᠦᠬᠦ ᠲᠠᠯ᠎ᠠ ᠪᠠᠷ ᠡᠬᠢᠯᠡᠭᠦᠯᠵᠦ᠂ ᠬᠥᠯᠥᠨ | ᠪᠤᠶᠢᠷ᠂ ᠲᠦᠩᠯᠢᠶᠣᠤ ᠵᠡᠷᠭᠡ 4 ᠠᠶᠢᠮᠠᠭ ᠬᠤᠲᠠ ᠬᠦᠷᠬᠦ ᠰᠠᠯᠪᠤᠷᠢ ᠠᠶᠠᠯᠠᠯ ᠤᠨ ᠱᠤᠭᠤᠮ ᠢ ᠨᠡᠪᠲᠡᠷᠡᠭᠦᠯᠵᠦ᠂ | ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠤᠨ ︽ᠠᠵᠢᠯ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠢ | ᠰᠠᠯᠪᠣᠷᠢ ᠱᠣᠭᠤᠮ ᠤᠨ ᠨᠢᠰᠭᠡᠯ ᠤᠨ ᠪᠠᠭᠤᠳᠠᠯ ᠪᠣᠯᠭᠠᠨ ᠦᠭᠡᠷᠡᠴᠢᠯᠡᠬᠦ︾ ᠢᠨᠵᠧᠨᠧᠷᠢᠩ ᠤᠨ ᠠᠵᠢᠯ ᠡᠬᠢᠯᠡᠭᠦᠯᠬᠦ | ᠨᠥᠬᠦᠴᠡᠯ ᠢ ᠪᠦᠷᠢᠯᠳᠦᠭᠦᠯᠪᠡ᠃ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠢᠨᠵᠧᠨᠧᠷᠢᠩ ᠤᠨ | ᠦᠷ᠎ᠡ ᠪᠦᠲᠦᠮᠵᠢ ᠢᠯᠡᠷᠬᠡᠶ ᠪᠠᠶᠢᠵᠤ᠂ ᠠᠶᠢᠮᠠᠭ ᠬᠤᠲᠠ ᠠᠯᠤᠰᠯᠠᠭᠰᠠᠨ ᠤᠰᠤᠨ ᠤ ᠡᠷᠬᠡ ᠶᠢ ᠰᠢᠯᠵᠢᠭᠦᠯᠦᠨ ᠥᠭᠬᠦ | ᠬᠦᠢᠴᠡᠳᠭᠡᠯ ᠲᠤᠭ᠎ᠠ 1050 ᠲᠦᠮᠡᠨ ᠪᠣᠰᠤᠭ᠎ᠠ ᠳᠥᠷᠪᠡᠯᠵᠢᠨ ᠮᠧᠲᠷ ᠢ ᠴᠢᠷᠮᠠᠶᠢᠨ ᠣᠯᠵᠤ᠂ ᠪᠥᠬᠦ ᠵᠢᠯ ᠳᠤ | 923 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠶᠢ ᠠᠷᠪᠢᠯᠠᠵᠤ ᠬᠠᠩᠭᠠᠯᠭ᠎ᠠ ᠶᠢ ᠨᠡᠮᠡᠭᠳᠡᠭᠦᠯᠵᠦ᠂ ᠤᠰᠤᠨ ᠤ | ᠡᠷᠬᠡ ᠶᠢᠨ ᠣᠬᠤᠷ ᠬᠤᠭᠤᠴᠠᠭᠠᠨ ᠤ ᠠᠷᠠᠯᠵᠢᠶᠠᠯᠠᠭᠰᠠᠨ ᠬᠡᠮᠵᠢᠶ᠎ᠡ᠂ ᠰᠢᠯᠵᠢᠭᠦᠯᠦᠨ ᠠᠪᠣᠭᠰᠠᠨ ᠠᠵᠤ ᠠᠬᠤᠶᠢᠯᠠᠯ ᠤᠨ | ᠲᠤᠭ᠎ᠠ ᠴᠥᠮ ᠪᠥᠬᠦ ᠣᠷᠣᠨ ᠤ ᠨᠢᠭᠡᠳᠦᠭᠡᠷ ᠲᠤ ᠪᠠᠶᠢᠷᠢᠯᠠᠵᠦ᠂ 1 ᠨᠢᠬᠡᠴᠡ ᠨᠢ ᠪᠥᠬᠦ ᠤᠯᠤᠰ ᠤᠨ ᠤᠰᠤᠨ | ᠠᠰᠢᠭᠯᠠᠯᠲᠠ ᠶᠢᠨ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠢ ᠭᠥᠷᠳᠡᠪᠡ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢᠶᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ | ᠵᠢᠯᠣᠭᠤᠳᠤᠮᠵᠢ ᠪᠣᠯᠭᠠᠨ ᠪᠣᠳᠠᠲᠤ ᠦᠷ᠎ᠡ ᠪᠦᠲᠦᠮᠵᠢ ᠣᠯᠵᠤ᠂ 4170 ᠵᠠᠰᠠᠭ ᠤᠨ ᠶᠠᠪᠤᠳᠠᠯ ᠤᠨ ᠵᠦᠢᠯᠡᠰ ᠢ ︽ | ᠦᠨᠡᠮᠯᠡᠯ ᠥᠬᠡᠶ ᠪᠠᠷ ᠬᠦᠢᠴᠡᠳᠭᠡᠬᠦ︾ ᠶᠢ ᠪᠡᠶᠡᠯᠡᠭᠦᠯᠵᠦ᠂ 11 ᠥᠪᠡᠷᠮᠢᠴᠡ ᠣᠨᠴᠠᠯᠢᠭ ᠲᠠᠢ ︽ᠨᠢᠭᠡ ᠶᠠᠪᠤᠳᠠᠯ︾ | ᠢ ᠲᠥᠪᠯᠡᠷᠡᠭᠦᠯᠦᠨ ᠬᠦᠢᠴᠡᠳᠭᠡᠵᠦ᠂ 3 ᠨᠢᠭᠡᠴᠡ ᠨᠢ ᠪᠥᠬᠦ ᠤᠯᠤᠰ ᠤᠨ ︽ᠥᠨᠳᠥᠷ ᠪᠦᠲᠦᠮᠵᠢᠲᠡᠶ ᠪᠠᠷ | ᠬᠦᠢᠴᠡᠳᠭᠡᠬᠦ︾ ᠶᠢ ᠥᠷᠭᠡᠳᠬᠡᠭᠰᠡᠨ ᠴᠢᠨᠠᠷ ᠴᠢᠨᠰᠠᠭ᠎ᠠ ᠦᠷ᠎ᠡ ᠪᠦᠲᠦᠮᠵᠢ ᠶᠢᠨ ᠨᠡᠶᠢᠲᠡᠯᠢᠭ ᠬᠡᠷᠡᠭ ᠤᠨ ᠵᠢᠱᠢᠶ᠎ᠡ | ᠨᠢᠭᠡᠴᠡ ᠪᠠ ᠰᠢᠨ᠎ᠡ ᠶᠢ ᠡᠭᠦᠳᠦᠭᠰᠡᠨ ᠰᠢᠯᠢᠳᠡᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ ᠴᠢᠳᠠᠪᠤᠷᠢᠲᠠᠨ ᠰᠢᠨᠵᠢᠯᠡᠬᠦ | ᠤᠬᠠᠭᠠᠨ ᠮᠡᠷᠭᠡᠵᠢᠯ ᠤᠨ ᠪᠡᠷᠭᠡ ᠶᠢ ᠳᠠᠪᠠᠭ᠋ᠣ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ 24 ᠭᠤᠣᠯᠳᠠᠯᠭ᠎ᠠ ᠲᠠᠢ | ᠡᠭᠦᠷᠭᠡ ᠶᠢ ᠪᠦᠬᠦ ᠲᠠᠯ᠎ᠠ ᠪᠠᠷ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠳᠤᠮᠳᠠ ᠵᠢᠵᠢᠭ ᠠᠵᠤ ᠠᠬᠤᠶᠢᠯᠠᠯ 19 ᠨᠡᠮᠡᠭᠳᠡᠵᠦ᠂ ᠮᠡᠷᠭᠡᠵᠢᠯ ᠤᠨ ᠭᠡᠷ᠎ᠡ ᠳᠣᠭᠳᠠᠭᠰᠠᠨ | ᠲᠤᠭ᠎ᠠ 90% ᠪᠠᠷ ᠨᠡᠮᠡᠭᠳᠡᠵᠦ᠂ ᠪᠦᠬᠦ ᠠᠶᠢᠮᠠᠭ ᠤᠨ ᠠᠩᠬᠠᠳᠠᠭᠴᠢ ᠤᠯᠤᠰ ᠤᠨ ᠲᠡᠰ ᠤᠨ ᠠᠬᠠᠯᠠᠭᠴᠢ | ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ ᠶᠢ ᠪᠠᠶᠢᠭᠤᠯᠤᠨ᠂ ᠥᠪᠡᠷᠲᠡᠭᠡᠨ | ᠵᠠᠰᠠᠬᠤ ᠣᠷᠣᠨ ᠤ ᠠᠺᠠᠳᠧᠮᠢᠴᠢ ᠶᠢᠨ ᠠᠵᠢᠯ ᠤᠨ ᠥᠷᠲᠡᠭᠡ ᠶᠢ 1 ᠨᠡᠮᠡᠭᠳᠡᠭᠦᠯᠪᠡ︔ ︽ᠪᠡᠯᠡ ᠮᠥᠩᠭᠦ︾ ᠭᠠᠷᠭᠠᠵᠤ | ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠪᠥᠬᠦ ᠵᠢᠯ ᠳᠤ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ | ᠶᠡᠷᠦᠩᠬᠡᠶ ᠬᠡᠮᠵᠢᠶ᠎ᠡ᠂ ︽ᠬᠤᠣᠰ ᠲᠡᠷᠢᠭᠦᠨ ᠵᠡᠷᠭᠡ ᠶᠢᠨ︾ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ | ᠣᠷᠢᠨ ᠠᠪᠴᠢᠷᠠᠭᠰᠠᠨ ᠲᠤᠭ᠎ᠠ ᠲᠣᠰ ᠲᠣᠰ 56% ᠪᠠ 79% ᠪᠠᠷ ᠨᠡᠮᠡᠭᠳᠡᠪᠡ᠃ ᠨᠡᠬᠡᠬᠡᠯᠳᠡ ᠬᠢᠵᠦ | ᠬᠠᠮᠲᠤᠷᠠᠯᠴᠠᠬᠤ ᠢᠨᠵᠧᠨᠧᠷᠢᠩ ᠢ ᠭᠦᠨᠵᠡᠭᠡᠶᠢᠷᠡᠭᠦᠯᠦᠨ ᠠᠬᠢᠭᠤᠯᠵᠤ᠂ ᠴᠡᠭᠡ ᠪᠤᠭᠤᠮᠲᠠ ᠪᠠᠷ ᠪᠠᠷᠠᠭ᠎ᠠ | ᠥᠩᠭᠡᠷᠡᠭᠦᠯᠦᠭᠰᠡᠨ ᠬᠡᠮᠵᠢᠶ᠎ᠡ᠂ ᠠᠷᠠᠯᠵᠢᠶᠠᠨ ᠤ ᠨᠣᠷᠮ᠎ᠠ ᠪᠣᠭᠤᠮᠳᠠ ᠨᠡᠪᠳᠡᠷᠡᠭᠰᠡᠨ ᠠᠴᠠ ᠨᠠᠰᠢ ᠬᠠᠮᠤᠭ ᠤᠨ ᠥᠨᠳᠥᠷ | ᠪᠠᠶᠢᠵᠤ᠂ ᠦᠬᠠᠢ ᠬᠤᠲᠠ᠂ ᠹᠦᠵᠧᠦ ᠬᠤᠲᠠ ᠵᠡᠷᠭᠡ ᠭᠠᠵᠠᠷ ᠣᠷᠣᠨ ᠲᠠᠢ ᠬᠠᠮᠲᠤᠷᠠᠯᠴᠠᠨ ᠬᠥᠭᠵᠢᠬᠦ ᠬᠡᠯᠡᠯᠴᠡᠭᠡᠷ | ᠲᠣᠭᠲᠠᠵᠤ᠂ 70 ᠭᠠᠷᠤᠢ ᠬᠠᠮᠲᠤᠷᠠᠯᠴᠠᠭ᠎ᠠ ᠶᠢ ᠠᠬᠢᠭᠤᠯᠪᠠ᠃ | ᠲᠠᠪᠤ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠡᠷᠴᠢᠮ ᠲᠠᠢ ᠪᠣᠯᠪᠠ᠃ ᠪᠦᠬᠦ ᠵᠢᠯ ᠳᠤ ᠬᠤᠲᠠ | ᠪᠠᠯᠭᠠᠰᠤᠨ ᠤ 3344 ᠬᠥᠮᠦᠨ ᠳᠤ ᠰᠢᠨ᠎ᠡ ᠪᠠᠷ ᠠᠵᠢᠯ ᠣᠯᠭᠤᠵᠤ᠂ 3537 ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠲᠣᠰ ᠲᠣᠰ 3.7% ᠪᠠ 4.8% ᠪᠠᠷ ᠨᠡᠮᠡᠭᠳᠡᠪᠡ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠠᠮᠢᠳᠤᠷᠠᠯ ᠤᠨ 27 ᠪᠣᠳᠠᠲᠤ ᠶᠠᠪᠤᠳᠠᠯ ᠢ ᠬᠦᠯᠢᠶᠡᠨ ᠠᠪᠴᠤ᠂ ᠠᠶᠢᠮᠠᠭ ᠤᠨ ᠱᠠᠲᠤᠨ ᠤ | ᠠᠷᠠᠳ ᠤᠨ ᠠᠮᠢᠳᠤᠷᠠᠯ ᠤᠨ 15 ᠪᠣᠳᠠᠲᠤ ᠶᠠᠪᠤᠳᠠᠯ ᠢ ᠪᠦᠬᠦᠨ ᠢ ᠪᠡᠶᠡᠯᠡᠬᠦᠯᠪᠡ᠃ ᠳᠤᠯᠠᠭᠠᠯᠠᠮᠵᠢ ᠶᠢᠨ | ᠢᠨᠵᠧᠨᠧᠷᠢᠩ ᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠢᠨᠵᠧᠨᠧᠷᠢᠩ ᠪᠣᠯᠭᠠᠵᠤ᠂ 172 ᠺᠢᠯᠣᠮᠧᠲᠷ | ᠪᠦᠬᠦᠢ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠵᠦ᠂ 212 ᠲᠦᠮᠡᠨ ᠲᠡᠭᠰᠢ ᠳᠥᠷᠪᠡᠯᠵᠢᠨ ᠮᠧᠲᠷ ᠪᠦᠬᠦᠢ | ᠢᠯᠴᠢ ᠬᠠᠩᠭᠠᠬᠤ ᠴᠢᠳᠠᠪᠤᠷᠢ ᠶᠢ ᠨᠡᠮᠡᠭᠳᠡᠭᠦᠯᠦᠨ᠂ ᠰᠦᠯᠵᠢᠶᠡᠨ ᠳᠡᠭᠡᠷᠡᠬᠢ ᠭᠡᠷ ᠤᠨ ᠳᠤᠯᠠᠭᠠᠨ ᠢ ᠬᠢᠨᠠᠨ ᠬᠡᠮᠵᠢᠬᠡᠳ | ᠪᠠᠷᠢᠮᠵᠢᠶ᠎ᠠ ᠳᠤ ᠬᠦᠷᠭᠡᠭᠰᠡᠨ ᠨᠣᠷᠮ᠎ᠠ 99.1% ᠳᠤ ᠬᠦᠷᠪᠡ᠃ 8 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠢ ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ | ᠴᠢᠳᠠᠪᠤᠷᠢᠲᠠᠨ ᠢ 116 ᠨᠥᠬᠦᠪᠦᠷᠢᠯᠡᠪᠡ︔ ᠰᠢᠯᠢᠳᠡᠭ ᠰᠤᠷᠭᠠᠭᠤᠯᠢ ᠲᠠᠢ ᠪᠦᠯᠦᠭᠵᠢᠭᠰᠡᠨ ᠰᠤᠷᠭᠠᠭᠤᠯᠢ ᠡᠷᠬᠢᠯᠡᠬᠦ | ᠲᠣᠭᠲᠠᠴᠠ ᠶᠢ ᠪᠠᠶᠢᠭᠤᠯᠵᠤ᠂ ᠪᠦᠬᠦ ᠠᠶᠢᠮᠠᠭ ᠤᠨ ᠠᠩᠬᠠᠳᠠᠭᠴᠢ 12 ᠵᠢᠯ ᠤᠨ ᠳᠦᠷᠢᠮᠲᠦ ᠠᠯᠪᠠᠨ ᠠᠴᠠ | ᠡᠷᠬᠢᠯᠡᠭᠰᠡᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠪᠣᠯᠤᠨ ᠠᠩᠬᠠᠳᠠᠭᠴᠢ ᠬᠠᠮᠲᠤ ᠶᠢᠨ | ᠴᠣᠭᠴᠠ ᠶᠢᠨ ᠰᠤᠷᠭᠠᠭᠤᠯᠢ ᠶᠢ ᠪᠠᠶᠢᠭᠤᠯᠪᠠ᠃ ᠣᠷᠣᠨ ᠤ ᠳᠣᠲᠣᠷ᠎ᠠ ᠭᠠᠳᠠᠨᠠᠬᠢ 30 ᠨᠠᠷᠠᠲᠤ ᠰᠢᠯᠢᠳᠡᠭ | ᠡᠮᠨᠡᠯᠭᠡ ᠶᠢᠨ ᠬᠤᠷᠢᠶ᠎ᠠ ᠲᠠᠢ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠪᠠᠶᠢᠭᠤᠯᠵᠤ᠂ ᠠᠶᠢᠮᠠᠭ ᠤᠨ ᠲᠥᠪ | ᠡᠮᠨᠡᠯᠭᠡ ᠶᠢᠨ ᠬᠤᠷᠢᠶ᠎ᠠ ᠶᠢᠨ 13 ᠵᠦᠢᠯ ᠤᠨ ᠲᠤᠬᠠᠶᠢᠯᠠᠭᠰᠠᠨ ᠠᠵᠢᠯ ᠤᠨ ᠬᠤᠭᠤᠰᠤᠨ ᠢ ᠨᠥᠬᠦᠪᠥᠷᠢᠯᠡᠵᠦ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠭᠰᠠᠨ ᠬᠥᠮᠦᠨ ᠤᠳᠠᠭ᠎ᠠ᠂ | ᠦᠨᠳᠦᠰᠦᠨ ᠱᠠᠲᠤᠨ ᠤ ᠣᠨᠣᠰᠢᠯᠠᠨ ᠡᠮᠨᠡᠬᠦ ᠨᠣᠷᠮ᠎ᠠ ᠢᠯᠡᠳᠲᠡ ᠳᠡᠭᠡᠭᠰᠢᠯᠡᠪᠡ᠃ ᠬᠤᠲᠠ ᠶᠢᠨ ᠣᠷᠴᠢᠨ | ᠲᠣᠭᠤᠷᠢᠨ ᠢ ᠬᠦᠨᠵᠡᠬᠡᠢ ᠴᠡᠭᠴᠡᠯᠡᠨ ᠵᠠᠰᠠᠵᠦ᠂ ᠪᠡᠶ᠎ᠡ ᠶᠢᠨ ᠲᠠᠮᠢᠷ ᠤᠨ ᠴᠡᠴᠡᠷᠯᠢᠭ ᠪᠠ ᠨᠢᠭᠡ ᠪᠦᠯᠦᠭ ᠪᠠᠭ᠎ᠠ | ᠴᠡᠴᠡᠷᠯᠢᠭ ᠢ ᠪᠠᠶᠢᠭᠤᠯᠵᠤ᠂ ᠮᠣᠬᠤᠷ ᠵᠠᠮ ᠢ ᠨᠡᠪᠳᠡᠷᠡᠬᠦᠯᠵᠦ᠂ ᠲᠡᠷᠭᠡᠨ ᠵᠣᠭᠰᠣᠭᠠᠯ ︵ᠪᠠᠶᠢᠷᠢ︶᠂ ᠴᠠᠬᠢᠯᠭᠠᠨ | ᠴᠡᠨᠡᠭᠯᠡᠬᠦ ᠳᠦᠭᠦᠭᠡᠷᠦᠮᠵᠢ ᠶᠢ ᠨᠡᠮᠡᠭᠳᠡᠭᠦᠯᠵᠦ᠂ 11 ᠬᠠᠭᠤᠴᠢᠨ ᠬᠤᠷᠢᠶᠠᠯᠠᠯ ᠢ ᠥᠭᠡᠷᠡᠴᠢᠯᠡᠨ ᠰᠠᠶᠢᠵᠢᠷᠠᠭᠤᠯᠵᠤ᠂ | ᠮᠠᠯᠵᠢᠬᠤ ᠲᠠᠷᠢᠶᠠᠯᠠᠬᠤ ᠣᠷᠣᠨ ᠤ 400 ᠺᠢᠯᠣᠮᠧᠲᠷ ᠪᠦᠬᠦᠢ ᠴᠠᠬᠢᠯᠭᠠᠨ ᠲᠣᠤᠷ ᠢ ᠲᠠᠰ ᠳᠡᠪᠰᠢᠭᠦᠯᠵᠦ᠂ ᠬᠢᠯᠢ | ᠬᠢᠵᠠᠭᠠᠷ ᠣᠷᠣᠨ ᠤ ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ 46 ᠪᠠᠶᠢᠭᠤᠯᠵᠤ᠂ ᠬᠢᠯᠢ ᠬᠢᠵᠠᠭᠠᠷ ᠣᠷᠣᠨ ᠤ | ︽ᠤᠰᠤᠨ ᠴᠠᠬᠢᠯᠭᠠᠨ ᠵᠠᠮ ᠮᠡᠳᠡᠭᠡ︾ ᠶᠢ ᠨᠡᠶᠢᠳᠡᠮ ᠪᠦᠷᠢᠯᠳᠦᠬᠦᠯᠪᠡ᠃ ᠡᠳ᠋ ᠤᠨ ᠵᠠᠰᠠᠭ ᠤᠨ ᠬᠦᠴᠢᠷ | ᠪᠡᠷᠬᠡᠰᠢᠶᠡᠯ ᠢ ᠢᠯᠠᠨ ᠳᠠᠪᠠᠵᠤ᠂ 1000 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠶᠢ ᠳᠡᠷᠡ ᠳᠠᠷᠣᠢ ᠳᠤᠨᠢ | ᠪᠠᠭᠤᠯᠭᠠᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠡᠩ ᠲᠡᠷᠢᠬᠦᠨ ᠳᠤ ᠪᠠᠲᠤᠯᠠᠵᠤ | ᠂ ᠮᠠᠯᠴᠢᠨ ᠲᠠᠷᠢᠶᠠᠴᠢᠨ ᠤ ᠭᠠᠮᠰᠢᠭᠳᠠᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ | ᠵᠢᠷᠭᠤᠭ᠎ᠠ ᠳᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠲᠠᠰᠤᠷᠠᠯᠲᠠ ᠦᠭᠡᠢ ᠪᠠᠬᠢᠵᠢᠪᠡ᠃ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠡᠷᠭᠡ ᠶᠢ ᠳᠠᠪᠠᠭ᠋ᠣ ᠭᠤᠷᠪᠠᠨ ᠵᠢᠯ ᠤᠨ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠦᠨᠳᠦ ᠶᠡᠭᠡ | ᠠᠳᠡᠯ ᠤᠨ ᠭᠡᠮ ᠰᠣᠭᠤᠭ ᠢ ᠠᠷᠢᠯᠭᠠᠬᠤ ᠶᠢ ᠦᠷᠭᠦᠯᠵᠢᠯᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠰᠠᠭᠤᠷᠢ ᠶᠢ ᠲᠠᠰᠤᠷᠠᠯᠲᠠ ᠦᠭᠡᠢ ᠪᠠᠲᠤᠳᠬᠠᠪᠠ᠃ ᠭᠤᠤᠯᠳᠠᠯᠭ᠎ᠠ ᠲᠠᠢ ᠬᠦᠷᠢᠶᠡᠨ ᠤ ᠡᠷᠡᠰᠳᠡᠯ ᠢ ᠪᠥᠬᠦ | ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠣᠨ ᠤ ᠥᠷᠢ ᠥᠭᠴᠡᠭᠡ ᠶᠢ ᠳᠦᠯᠦᠬᠦ | ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠵᠦᠢ ᠪᠤᠰᠤ | ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠠᠵᠢᠯ ᠣᠨ ᠤ ᠬᠠᠷᠠᠯᠲᠠ ᠡᠭᠦᠷᠭᠡ ᠪᠠᠨ ᠤᠷᠢᠳᠴᠢᠯᠠᠨ | ᠪᠡᠶᠡᠯᠡᠭᠦᠯᠪᠡ᠃ ᠬᠤᠶᠠᠷ ᠶᠡᠭᠡ ᠰᠠᠭᠤᠷᠢᠨ ᠭᠠᠵᠠᠷ ᠢ ᠪᠠᠳᠣᠯᠠᠵᠦ ᠳᠡᠬᠦᠨ ᠳᠤ ᠦᠢᠯᠡᠴᠢᠯᠡᠬᠦ ᠠᠵᠢᠯ ᠢᠯᠡᠳᠲᠡ ᠦᠷ᠎ᠡ | ᠪᠦᠲᠦᠮᠵᠢ ᠣᠯᠵᠤ᠂ ᠣᠯᠠᠨ ᠬᠦᠷᠢᠶᠡᠨ ᠳᠤ ᠰᠢᠪᠲᠤᠯᠤᠯᠲᠠ ᠲᠠᠢ ᠪᠣᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠶᠢ ᠪᠠᠶᠢᠩᠭᠤ ᠠᠬᠢᠭᠤᠯᠵᠤ᠂ ᠠᠮᠣᠭᠤᠯᠠᠩᠲᠣ ᠠᠯᠠᠱᠠ ᠶᠢᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠨᠡᠶᠢᠭᠡᠮ ᠳᠠᠶᠠᠭᠠᠷ ᠤᠨ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠠᠵᠢᠯ ᠤᠨ ᠭᠤᠤᠯ ᠰᠢᠵᠢᠮ ᠢ ᠪᠥᠬᠦ ᠲᠠᠯ᠎ᠠ ᠪᠠᠷ ᠳᠣᠣᠱᠯᠠᠭᠤᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ | ᠠᠶᠢᠮᠠᠭ ᠢ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠥᠷᠥ ᠶᠢᠨ ᠪᠣᠳᠣᠯᠭ᠎ᠠ ᠲᠣᠭᠲᠠᠭᠠᠬᠤ᠂ | ᠲᠥᠯᠥᠪᠵᠢᠭᠦᠯᠭᠡ ᠨᠠᠶᠢᠷᠠᠭᠤᠯᠬᠤ᠂ ᠲᠥᠷᠥᠯ ᠵᠦᠢᠯ ᠢ ᠪᠠᠶᠢᠷᠢᠰᠢᠭᠤᠯᠬᠤ᠂ ᠪᠠᠯᠠ ᠮᠥᠩᠭᠦ ᠶᠢ ᠳᠣᠬᠢᠷᠠᠭᠤᠯᠬᠤ ᠵᠡᠷᠭᠡ | ᠲᠠᠯ᠎ᠠ ᠪᠠᠷ ᠭᠤᠤᠯ ᠰᠢᠵᠢᠮ ᠤᠨ ᠱᠠᠭᠠᠷᠳᠠᠯᠭ᠎ᠠ ᠶᠣᠰᠣᠭᠠᠷ ᠣᠷᠢᠳᠴᠢᠯᠠᠨ ᠬᠢᠨᠠᠨ ᠬᠠᠷᠭᠤᠭᠤᠯᠬᠤ ᠲᠣᠭᠲᠠᠴᠠ ᠶᠢ ᠪᠥᠬᠦ | ᠲᠠᠯ᠎ᠠ ᠪᠠᠷ ᠪᠠᠶᠢᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ | ᠬᠡᠷᠡᠭᠯᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠦᠨᠡᠨ ᠪᠣᠳᠠᠲᠠᠶ ᠪᠥᠭᠡᠳ ᠪᠦᠲᠦᠮᠵᠢᠲᠡᠶ | ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠶᠢ ᠯᠠᠪᠳᠠᠭᠤᠨ ᠪᠠᠲᠤᠲᠠᠶ ᠰᠠᠶᠢᠲᠤᠷ | ᠠᠳᠬᠤᠵᠤ᠂ ᠠᠶᠢᠮᠠᠭ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ 36 | ᠨᠢᠭᠡᠴᠡ ᠶᠢ ᠰᠢᠯᠭᠠᠷᠠᠭᠤᠯᠵᠦ᠂ 1 ᠬᠠᠮᠲᠤ ᠨᠡᠶᠢᠳᠡ ᠪᠠ 1 ᠬᠤᠪᠢ ᠬᠥᠮᠦᠨ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠ ᠬᠤᠪᠢ ᠬᠥᠮᠦᠨ ᠤ ᠴᠣᠯᠠ ᠶᠢ ᠭᠥᠷᠳᠡᠵᠦ᠂ ᠪᠥᠬᠦ | ᠠᠶᠢᠮᠠᠭ ᠤᠨ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠦᠭᠵᠢᠬᠦ | ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠪᠡ᠃ | ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠳᠣᠣᠱᠯᠠᠭᠤᠯᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ | ᠵᠡᠷᠭᠡ ᠡᠯ᠎ᠡ ᠲᠥᠷᠥᠯ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠨᠠᠷᠢᠨ ᠬᠢᠨᠠᠮᠠᠭᠠᠶ ᠴᠡᠭᠴᠡᠯᠡᠨ | ᠰᠠᠶᠢᠵᠢᠷᠠᠭᠤᠯᠵᠤ᠂ ︽ᠭᠤᠷᠪᠠᠨ ᠢᠯᠡᠭᠦᠦ ᠭᠤᠷᠪᠠᠨ ᠴᠥᠭᠡᠨ ᠭᠤᠷᠪᠠᠨ ᠤᠳᠠᠭᠠᠨ︾ ᠪᠠ ︽ᠠᠯᠵᠠᠭᠤ ᠵᠠᠯᠬᠠᠭᠤ | ᠰᠤᠯᠠ ᠵᠠᠳᠠᠭᠠᠶ᠂ ᠤᠳᠠᠭᠠᠨ ᠪᠦᠳᠦᠭᠦᠯᠢᠭ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠨ | ᠱᠠᠲᠤᠨ ᠤ ᠳᠠᠷᠤᠭᠠᠰᠤ ᠶᠢ ᠡᠷᠡᠰ ᠬᠥᠩᠭᠡᠷᠡᠭᠦᠯᠵᠦ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠴᠢᠩᠭ᠎ᠠ | ᠰᠡᠷᠭᠡᠶᠢᠯᠡᠨ ᠵᠠᠯᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ | ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠠᠭ ᠲᠤᠬᠠᠶ ᠳᠤᠨᠢ | ᠬᠦᠢᠴᠡᠳᠬᠡᠵᠦ᠂ ᠵᠠᠰᠠᠭ ᠤᠨ ᠣᠷᠳᠣᠨ ᠤ ᠠᠵᠢᠯ ᠤᠨ ᠬᠡᠷᠡᠭᠵᠢᠭᠦᠯᠬᠦ ᠬᠦᠴᠦᠨ ᠪᠠ ᠵᠠᠰᠠᠯᠲᠠ ᠶᠢᠨ ᠦᠷ᠎ᠡ ᠪᠦᠲᠦᠮᠵᠢ | ᠦᠷᠭᠦᠯᠵᠢᠯᠡᠨ ᠳᠡᠭᠡᠭᠰᠢᠯᠡᠪᠡ᠃ | ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠢᠷᠳᠡᠯ ᠪᠠ | ᠰᠣᠷᠢᠯᠳᠠ ᠲᠤᠯᠭᠠᠷᠠᠵᠤ ᠪᠠᠶᠢᠬᠤ ᠶᠢ ᠪᠢᠳᠡ ᠲᠠᠨᠢᠵᠤ ᠤᠯᠪᠠ᠃ ᠡᠬᠦᠨ ᠳᠤ ᠭᠤᠣᠯᠳᠠᠭᠤ᠄ ᠠᠵᠤ ᠠᠬᠤᠢ ᠶᠢᠨ | ᠪᠠᠭᠤᠷᠠᠯᠲᠠ ᠶᠢᠨ ᠳᠠᠷᠤᠯᠲᠠ ᠮᠥᠨ ᠯᠡ ᠨᠡᠯᠢᠶᠡᠳ ᠶᠡᠭᠡ᠂ ᠴᠥᠬᠡᠨ ᠪᠣᠰᠤ ᠠᠵᠤ ᠠᠬᠤᠶᠢᠯᠠᠯ ᠤᠨ ᠡᠵᠡᠩᠨᠡᠯᠲᠡ | ᠬᠦᠴᠢᠷᠲᠡᠢ ᠪᠠᠶᠢᠨ᠎ᠠ︔ ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠬᠦ ᠴᠢᠬᠤᠯᠠᠲᠠᠢ ᠪᠠᠶᠢᠵᠤ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠪᠤᠶᠢᠵᠢᠯᠲᠠ ᠬᠦᠷᠦᠯᠴᠡᠬᠦ ᠦᠭᠡᠢ ᠪᠠᠶᠢᠵᠤ᠂ ᠰᠢᠨ᠎ᠡ ᠡᠨᠧᠷᠭᠢ ᠶᠢᠨ ᠠᠵᠤ | ᠦᠢᠯᠡᠰ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠭᠠᠳᠤᠢ ᠪᠠᠶᠢᠨ᠎ᠠ︔ ᠤᠰᠤᠨ ᠤ ᠡᠬᠢ | ᠪᠠᠶᠠᠯᠢᠭ ᠵᠡᠷᠭᠡ ᠬᠦᠴᠦᠨ ᠵᠦᠢᠯ ᠳᠤᠲᠠᠭᠳᠠᠵᠤ ᠪᠠᠶᠢᠭ᠎ᠠ ᠠᠰᠠᠭᠤᠳᠠᠯ ᠢ ᠪᠠᠰᠠ ᠬᠦᠴᠦᠯᠡᠨ ᠰᠢᠢᠳᠪᠦᠷᠢᠯᠡᠬᠦ | ᠴᠢᠬᠤᠯᠠᠲᠠᠢ᠂ ᠬᠥᠭᠵᠢᠯᠲᠡ ᠶᠢ ᠪᠠᠲᠤᠯᠠᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ | ᠬᠤᠲᠠ ᠬᠥᠳᠡᠭᠡ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ᠂ ᠠᠷᠠᠳ ᠤᠨ ᠠᠮᠢᠳᠤᠷᠠᠯ ᠤᠨ ᠠᠵᠢᠯ | ᠣᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠥᠷᠢᠶᠡᠲᠡᠢ ᠪᠠᠶᠢᠭᠰᠠᠭᠠᠷ︔ ᠭᠤᠣᠯᠳᠠᠯᠭ᠎ᠠ ᠲᠠᠢ ᠬᠦᠷᠢᠶᠡᠨ ᠳᠠᠬᠢ | ᠳᠠᠯᠳᠠ ᠡᠷᠡᠰᠳᠡᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠬᠦ ᠳᠤ ᠪᠠᠰᠠ ᠴᠢᠷᠮᠠᠶᠢᠬᠤ ᠴᠢᠬᠤᠯᠠᠲᠠᠢ᠃ ᠺᠠᠳ᠋ᠷ ᠤᠨ ᠡᠩᠨᠡᠭᠡ ᠨᠠᠶᠢᠳᠠᠪᠤᠷᠢᠵᠢᠭᠤᠯᠤᠯᠲᠠ ᠶᠢ ᠠᠳᠬᠤᠬᠤ | ᠲᠤᠬᠠᠢ ᠬᠡᠷᠡᠭᠵᠢᠭᠦᠯᠬᠦ ᠬᠦᠴᠦᠨ ᠪᠠᠰᠠ ᠳᠤᠲᠠᠮᠠᠭ ᠪᠠᠶᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠦᠷ᠎ᠡ | ᠪᠦᠳᠦᠮᠵᠢ ᠶᠢ ᠪᠠᠰᠠ ᠲᠠᠰᠤᠷᠠᠯᠲᠠ ᠦᠭᠡᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠳᠡᠭᠡᠷ ᠢ ᠪᠢᠳᠡ ᠡᠷᠬᠡᠪᠰᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ | 2025 ᠣᠨ ᠤ ᠭᠤᠣᠯᠳᠠᠯᠭ᠎ᠠ ᠲᠠᠢ ᠠᠵᠢᠯ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠢᠪᠳᠣᠷᠠᠭᠠᠨ ᠤ | ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠡᠬᠢᠯᠡᠬᠦᠯᠬᠦ ᠵᠢᠯ ᠮᠥᠨ᠃ | ᠠᠶᠢᠮᠠᠭ ᠤᠨ ᠨᠠᠮ ᠤᠨ ᠬᠤᠷᠢᠶ᠎ᠠ ᠶᠢᠨ ᠡᠨᠡ ᠵᠢᠯ ᠤᠨ ᠠᠵᠤ ᠠᠬᠤᠢ ᠶᠢᠨ ᠠᠵᠢᠯ ᠤᠨ ᠳᠣᠬᠠᠢ ᠶᠡᠷᠦᠩᠬᠡᠢ | ᠱᠠᠭᠠᠷᠳᠠᠯᠭ᠎ᠠ ᠪᠠ ᠭᠤᠣᠯ ᠵᠢᠱᠢᠭᠰᠡᠨ ᠬᠠᠷᠠᠯᠲᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ᠂ ᠣᠨᠴᠠᠭᠠᠶᠢᠯᠠᠨ | ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠪᠠᠷ ᠬᠥᠲᠥᠯᠦᠮᠵᠢ ᠪᠣᠯᠭᠠᠵᠤ᠂ ︽157︾ | ᠰᠡᠳᠬᠢᠴᠡ ᠶᠢ ᠭᠦᠨᠵᠡᠭᠡᠢ ᠠᠬᠢᠭᠤᠯᠬᠤ ᠲᠤᠬᠠᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠨ᠎ᠠ᠄ | ᠨᠢᠭᠡ᠂ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠪᠠ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠪᠥᠬᠦ | ᠲᠠᠯ᠎ᠠ ᠪᠠᠷ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡ ᠶᠢ ᠬᠥᠭᠵᠢᠭᠡᠵᠦ᠂ ᠪᠥᠬᠦ ᠠᠶᠢᠮᠠᠭ ᠤᠨ ᠠᠵᠤ | ᠠᠬᠤᠶ ᠶᠢᠨ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠶᠢ ᠠᠬᠢᠭᠤᠯᠤᠨ᠎ᠠ | ᠨᠢᠭᠡ ᠳᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠨᠡᠩ ᠥᠨᠳᠥᠷ ᠪᠦᠲᠦᠮᠵᠢᠲᠡᠢ ᠰᠠᠶᠢᠲᠤᠷ | ᠠᠳᠬᠤᠨ᠎ᠠ᠃ 141 ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ | ᠠᠳᠬᠤᠵᠤ᠂ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ᠂ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠬᠦᠴᠦᠨ | ᠵᠦᠢᠯ ᠢ ᠪᠠᠳᠣᠯᠠᠬᠤ ᠵᠡᠷᠭᠡ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠤᠰ ᠤᠨ | ᠦᠮᠴᠢᠯᠡᠯᠳᠦ ᠡᠳ᠋ ᠬᠦᠷᠦᠩᠭᠡ ᠶᠢᠨ ᠡᠬᠢ ᠪᠠᠶᠠᠯᠢᠭ ᠢ ᠵᠣᠬᠢᠰᠲᠠᠢ ᠠᠮᠢᠯᠠᠭᠤᠯᠵᠤ᠂ ᠠᠵᠤ ᠦᠢᠯᠡᠰ ᠤᠨ ᠰᠠᠭᠤᠷᠢ | ᠮᠥᠩᠭᠦ ᠪᠠᠶᠢᠭᠤᠯᠬᠤ ᠶᠢ ᠳᠡᠮᠵᠢᠵᠦ᠂ ᠨᠢᠭᠡᠳᠦᠭᠡᠷ ᠤᠯᠠᠷᠢᠯ ᠤᠨ ᠲᠦᠷᠦᠯ ᠵᠦᠢᠯ ᠤᠨ ᠭᠠᠷᠳᠠᠮ ᠢ ᠭᠦᠢᠴᠡᠳᠬᠡᠵᠦ | ᠳᠠᠭᠤᠰᠬᠠᠭᠰᠠᠨ ᠨᠤᠷᠮ᠎ᠠ᠂ ᠠᠵᠢᠯ ᠡᠬᠢᠯᠡᠬᠦᠯᠦᠭᠰᠡᠨ ᠨᠤᠷᠮ᠎ᠠ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠤᠷᠮ᠎ᠠ | ︽ᠭᠤᠷᠪᠠ ᠶᠢ ᠳᠡᠭᠡᠭᠰᠢᠯᠡᠭᠦᠯᠬᠦ︾ ᠶᠢ ᠬᠦᠴᠦᠯᠡᠨ ᠠᠬᠢᠭᠤᠯᠵᠤ᠂ ᠪᠦᠬᠦ ᠵᠢᠯ ᠳᠤ ᠪᠡᠯᠡ ᠣᠷᠣᠭᠤᠯᠤᠯᠲᠠ ᠶᠢᠨ | ᠨᠡᠮᠡᠭᠳᠡᠯ ᠢ 11% ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ ᠤᠯᠤᠰ ᠤᠨ ᠲᠦᠷᠦ ᠶᠢᠨ ᠪᠤᠳᠤᠯᠭ᠎ᠠ ᠶᠢᠨ | ᠤᠳᠤᠷᠢᠳᠤᠮᠵᠢ ᠶᠢ ᠴᠢᠩᠭ᠎ᠠ ᠠᠩᠬᠠᠷᠴᠤ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠪᠠ ᠳᠡᠭᠡᠳᠦ | ᠱᠠᠳᠤᠨ ᠠᠴᠠ ᠴᠢᠷᠮᠠᠶᠢᠨ ᠤᠯᠬᠤ ᠡᠷᠴᠢᠮ ᠢᠶᠠᠨ ᠴᠢᠩᠭᠠᠷᠠᠭᠤᠯᠵᠤ᠂ ᠨᠥᠭᠡᠴᠡᠯᠡᠬᠦ ᠬᠥᠮᠥᠷᠭᠡ ᠪᠣᠯᠤᠨ ᠪᠦᠯᠦᠭ | ᠤᠳᠠᠭ᠎ᠠ ᠪᠠᠷ ᠠᠬᠢᠭᠤᠯᠬᠤ ᠬᠥᠮᠥᠷᠭᠡ ᠶᠢ ᠰᠠᠶᠢᠲᠤᠷ ᠪᠠᠶᠢᠭᠤᠯᠵᠤ᠂ ᠬᠠᠷᠢᠭᠤᠴᠠᠯᠭ᠎ᠠ ᠶᠢ ᠬᠤᠪᠢᠶᠠᠬᠤ ᠪᠠ ᠱᠠᠩᠨᠠᠵᠤ | ᠲᠣᠷᠭᠠᠬᠤ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ ᠨᠥᠭᠡᠴᠡᠯᠡᠯᠲᠡ ᠶᠢᠨ ᠣᠨᠣᠪᠴᠢᠲᠤ | ᠴᠢᠨᠠᠷ᠂ ᠪᠣᠯᠪᠠᠰᠤᠷᠠᠩᠭᠤᠶ ᠬᠡᠮᠵᠢᠶ᠎ᠡ ᠪᠣᠯᠤᠨ ᠨᠠᠶᠢᠳᠠᠪᠤᠷᠢᠵᠢᠭᠤᠯᠬᠤ ᠨᠤᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠨᠢᠭᠡ | ᠪᠦᠯᠦᠭ ᠳᠠᠭᠠᠭᠤᠯᠬᠤ ᠴᠢᠨᠠᠷᠲᠠᠢ ᠴᠢᠬᠤᠯᠠ ᠶᠡᠭᠡ ᠲᠦᠷᠦᠯ ᠵᠦᠢᠯ ᠢ ᠤᠯᠤᠰ ᠪᠣᠯᠤᠨ ᠥᠪᠡᠷᠲᠡᠭᠡᠨ ᠵᠠᠰᠠᠬᠤ | ᠣᠷᠣᠨ ᠤ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ᠤᠯᠠᠮᠵᠢᠯᠠᠯᠲᠤ ᠠᠵᠤ ᠦᠢᠯᠡᠰ ᠤᠨ ᠳᠡᠰ | ᠳᠡᠪᠰᠢᠬᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠰᠢᠨ᠎ᠡ ᠡᠨᠧᠷᠭᠢ+ | ᠲᠡᠷᠢᠭᠦᠨ ᠤ ᠥᠨᠳᠥᠷ ᠠᠴᠢᠶᠠᠯᠠᠪᠤᠷᠢ ᠶᠢᠨ ᠡᠨᠧᠷᠭᠢ ᠵᠡᠷᠭᠡ ᠭᠤᠣᠯᠳᠠᠯᠭ᠎ᠠ ᠶᠢ ᠳᠤᠪᠤᠶᠢᠯᠭᠠᠵᠤ᠂ ᠣᠨᠣᠪᠴᠢᠳᠠᠢ ᠪᠠᠷ | ᠬᠤᠳᠠᠯᠳᠣᠭᠠᠴᠢᠨ ᠤᠷᠢᠬᠤ ᠶᠢ ᠦᠷᠭᠦᠯᠵᠢᠯᠡᠨ ᠴᠢᠩᠭᠠᠳᠬᠠᠵᠤ᠂ ᠣᠷᠣᠭᠤᠯᠤᠨ ᠠᠪᠴᠢᠷᠠᠬᠤ ᠲᠦᠷᠦᠯ ᠵᠦᠢᠯ ᠤᠨ | ᠲᠤᠭ᠎ᠠ ᠬᠡᠮᠵᠢᠶ᠎ᠡ᠂ ᠪᠠᠭᠲᠠᠭᠠᠮᠵᠢ ᠪᠠ ᠴᠢᠨᠠᠷ ᠴᠢᠨᠰᠠᠭ᠎ᠠ ᠶᠢᠨ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠭᠠᠬᠤ ᠪᠠᠷ | ᠴᠢᠷᠮᠠᠶᠢᠵᠤ᠂ 260 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠶᠢ ᠪᠣᠳᠠᠳᠠᠶᠢᠵᠢᠭᠤᠯᠣᠨ᠎ᠠ᠃ | ᠪᠠᠲᠤᠯᠠᠭ᠎ᠠ᠂ ᠦᠢᠯᠡᠴᠢᠯᠡᠭᠡ᠂ ᠲᠣᠬᠢᠷᠠᠭᠤᠯᠤᠯᠲᠠ ᠶᠢ ᠶᠢ ᠪᠥᠬᠦ ᠬᠦᠴᠦᠨ ᠢᠶᠠᠷ ᠢᠶᠠᠨ ᠠᠳᠬᠤᠵᠤ᠂ 66 ᠲᠥᠷᠥᠯ | ᠵᠦᠢᠯ ᠢ ᠪᠠᠶᠢᠭᠤᠯᠵᠤ ᠳᠠᠭᠤᠰᠬᠠᠬᠤ ᠪᠤᠶᠤ ᠲᠤᠷᠰᠢᠨ ᠠᠵᠢᠯᠯᠠᠬᠤ ᠶᠢ ᠬᠦᠴᠦᠯᠡᠨ ᠠᠬᠢᠭᠤᠯᠣᠨ᠎ᠠ᠃ ᠣᠷᠳᠣ | ᠬᠤᠭᠤᠴᠠᠭ᠎ᠠ ᠪᠠᠷ ᠪᠠᠶᠢᠭᠤᠯᠬᠤ ᠪᠠᠯᠠ ᠣᠷᠣᠭᠤᠯᠬᠤ ᠥᠬᠡᠶ ᠲᠥᠷᠥᠯ ᠵᠦᠢᠯ ᠢ ᠲᠥᠷᠥᠯ ᠬᠤᠪᠢᠶᠠᠨ ᠰᠢᠢᠳᠪᠦᠷᠢᠯᠡᠬᠦ | ᠠᠷᠭ᠎ᠠ ᠬᠡᠮᠵᠢᠶ᠎ᠡ ᠶᠢ ᠲᠣᠭᠲᠠᠭᠠᠵᠤ᠂ ᠡᠬᠢ ᠪᠠᠶᠠᠯᠢᠭ ᠤᠨ ᠬᠦᠴᠦᠨ ᠵᠦᠢᠯ ᠢ ᠥᠨᠳᠥᠷ ᠪᠦᠲᠦᠮᠵᠢᠲᠡᠶ ᠪᠠᠷ ᠠᠰᠢᠭᠯᠠᠬᠤ | ᠂ ᠲᠥᠷᠥᠯ ᠵᠦᠢᠯ ᠢ ᠲᠦᠷᠭᠡᠨ ᠪᠠᠶᠢᠭᠤᠯᠵᠤ ᠲᠦᠷᠭᠡᠨ ᠣᠷᠣᠭᠤᠯᠬᠤ ᠶᠢ ᠠᠬᠢᠭᠤᠯᠤᠨ᠎ᠠ᠃ | ᠬᠤᠶᠠᠷ ᠲᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠦᠨᠡᠨ ᠪᠣᠳᠠᠲᠠᠢ ᠠᠬᠢᠭᠤᠯᠣᠨ᠎ᠠ᠃ ︽ | ᠬᠡᠷᠡᠭᠴᠡᠭᠡ ᠶᠢ ᠨᠢ ᠠᠰᠠᠭᠤᠵᠤ ᠬᠦᠴᠢᠷᠳᠡᠯ ᠢ ᠨᠢ ᠰᠢᠢᠳᠪᠦᠷᠢᠯᠡᠬᠦ︾ ᠠᠵᠢᠯ ᠤᠨ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠪᠥᠬᠦ | ᠲᠠᠯ᠎ᠠ ᠪᠠᠷ ᠡᠮᠬᠢᠯᠡᠨ᠂ ᠡᠬᠡ ᠲᠠᠩᠰᠠ ᠪᠠᠶᠢᠭᠤᠯᠤᠨ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ | ᠬᠠᠮᠤᠭ ᠤᠨ ᠶᠡᠭᠡ ᠪᠣᠯᠤᠮᠵᠢ ᠭᠠᠷᠭᠠᠵᠤ ᠪᠠᠶᠢᠭᠠᠳ ᠠᠵᠤ ᠠᠬᠤᠶᠢᠯᠠᠯ ᠳᠤ ᠬᠦᠴᠦᠨ ᠨᠡᠮᠡᠷᠢᠯᠡᠵᠦ ᠴᠢᠳᠠᠪᠤᠷᠢ | ᠣᠯᠭᠤᠨ᠎ᠠ᠃ ᠭᠤᠣᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠬᠠᠲᠠᠭᠤ ᠬᠢᠵᠠᠭᠠᠷᠯᠠᠯ ᠢ ᠴᠢᠩᠭᠠᠳᠬᠠᠵᠤ᠂ | ᠪᠡᠯᠡ ᠬᠤᠷᠠᠮᠳᠤᠭᠤᠯᠬᠤ ᠵᠢᠭᠡᠯᠡᠯᠭᠡ ᠶᠢᠨ ᠨᠥᠬᠦᠴᠡᠯ ᠪᠠ ᠬᠦᠦ ᠮᠥᠩᠭᠦ ᠶᠢᠨ ᠬᠢᠷᠢ ᠬᠡᠮᠵᠢᠶ᠎ᠡ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠬᠢ ᠪᠠᠶᠠᠯᠢᠭ ᠢ | ᠳᠣᠬᠢᠷᠠᠭᠤᠯᠬᠤ ᠪᠠ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠵᠡᠷᠭᠡ ᠲᠠᠯ᠎ᠠ ᠪᠠᠷ ᠤᠯᠤᠰ ᠤᠨ | ᠦᠮᠴᠢᠯᠡᠯᠳᠦ ᠠᠵᠤ ᠠᠬᠤᠶᠢᠯᠠᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠠᠳᠠᠯᠢ ᠳᠡᠭᠰᠢ᠂ ᠭᠤᠣᠯᠴᠢ ᠪᠠᠷ | ᠬᠠᠨᠳᠣᠨ᠎ᠠ᠃ ᠠᠵᠤ ᠠᠬᠤᠶᠢᠯᠠᠯ ᠤᠨ ᠥᠷᠢ ᠥᠭᠴᠡᠭᠡ ᠶᠢ ᠢᠯᠭᠠᠷᠠᠭᠤᠯᠬᠤ ᠠᠵᠢᠯ ᠢ ᠦᠨᠡᠨᠴᠢ ᠢᠲᠡᠭᠡᠮᠵᠢᠲᠡᠶ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠰᠠᠭᠤᠷᠢ ᠲᠤᠭ᠎ᠠ ᠶᠢ ᠤᠯᠠᠮ ᠨᠢᠭᠡ | ᠠᠯᠬᠤᠮ ᠲᠣᠳᠣᠷᠬᠠᠶ ᠣᠶᠢᠯᠠᠭᠠᠨ᠂ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠬᠤᠭᠤᠴᠠᠭ᠎ᠠ ᠬᠢᠵᠠᠭᠠᠷᠯᠠᠨ᠂ ᠬᠠᠤᠯᠢ | ᠲᠣᠭᠲᠠᠭᠠᠯ ᠶᠣᠰᠣᠭᠠᠷ ᠥᠷᠢ ᠥᠭᠴᠡᠭᠡ ᠶᠢ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠦᠯᠦᠬᠦ | ᠶᠣᠰᠣᠳᠠᠢ ᠶᠢ ᠨᠢ ᠲᠦᠷᠭᠡᠨ ᠳᠦᠯᠦᠵᠦ᠂ ᠳᠦᠯᠦᠬᠦ ᠶᠣᠰᠣᠳᠠᠢ ᠶᠢ ᠨᠢ ᠪᠦᠬᠦ ᠬᠦᠴᠦᠨ ᠢᠶᠠᠷ ᠢᠶᠠᠨ ᠳᠦᠯᠦᠨᠡ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠠᠭ ᠬᠢᠵᠠᠭᠠᠷᠯᠠᠨ ᠬᠢᠨᠠᠨ | ᠵᠥᠪᠰᠢᠶᠡᠷᠡᠬᠦ ᠱᠠᠭᠠᠷᠳᠠᠯᠭ᠎ᠠ ᠶᠢ ᠲᠠᠬᠢᠨ ᠴᠢᠩᠳᠠᠯᠠᠵᠤ᠂ 156 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ | ᠬᠦᠢᠴᠡᠳᠭᠡᠬᠦ ᠬᠤᠷᠳᠣᠴᠠ ᠶᠢ ᠲᠦᠷᠭᠡᠳᠬᠡᠵᠦ᠂ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠢ ᠲᠣᠭᠤᠷᠢᠭ ᠪᠠ ︽ | ᠨᠢᠭᠡ ᠶᠠᠪᠤᠳᠠᠯ ᠢ ᠥᠨᠳᠥᠷ ᠪᠦᠲᠦᠮᠵᠢᠲᠡᠢ ᠪᠠᠷ ᠭᠦᠢᠴᠡᠳᠬᠡᠬᠦ︾ ᠵᠡᠷᠭᠡ ᠲᠣᠭᠲᠠᠴᠠ ᠶᠢ ᠰᠢᠯᠢᠳᠡᠭᠵᠢᠬᠦᠯᠦᠨ᠎ᠡ᠃ | ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ︽ᠨᠢᠭᠡ | ᠤᠳᠠᠭ᠎ᠠ ᠶᠡᠷᠦᠩᠬᠡᠶᠢᠯᠡᠨ ᠪᠠᠶᠢᠴᠠᠭᠠᠬᠤ︾ ᠬᠤᠯᠪᠣᠭᠠᠯᠠᠨ ᠬᠠᠤᠯᠢ ᠬᠡᠷᠡᠭᠵᠢᠭᠦᠯᠬᠦ ᠶᠢ ᠭᠦᠨᠵᠡᠭᠡᠶᠢᠷᠡᠭᠦᠯᠵᠦ᠂ ︽ | ᠢᠲᠡᠭᠡᠮᠵᠢ + ᠬᠠᠤᠯᠢ ᠬᠡᠷᠡᠭᠵᠢᠭᠦᠯᠦᠯᠲᠡ ᠬᠢᠨᠠᠯᠲᠠ ᠬᠠᠮᠢᠶᠠᠷᠤᠯᠲᠠ︾ ᠪᠠᠶᠢᠴᠠᠭᠠᠯᠲᠠ ᠠᠴᠠ ᠬᠡᠯᠲᠦᠷᠢᠭᠦᠯᠬᠦ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠤᠴᠢᠷ ᠦᠭᠡᠢ ᠪᠣᠯ ᠬᠠᠷᠰᠢᠯᠠᠬᠤ ᠦᠭᠡᠢ︾᠂ ︽ᠭᠠᠵᠠᠷ | ᠪᠣᠯᠭᠠᠨ ᠳᠤ ᠦᠢᠯᠡᠴᠢᠯᠡᠭᠡ ᠪᠠᠶᠢᠬᠤ ︾ ᠶᠢ ᠪᠡᠶᠡᠯᠡᠬᠦᠯᠦᠨ᠎ᠡ᠃ | ᠭᠤᠷᠪᠠ ᠳᠤ᠂ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠬᠦᠴᠦᠯᠡᠨ ᠭᠦᠭᠵᠢᠬᠡᠨᠡ᠃ ᠬᠡᠷᠡᠭᠯᠡᠭᠡ ᠶᠢ | ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠤᠶᠠᠯᠳᠤᠭᠤᠯᠵᠤ᠂ ᠬᠡᠷᠡᠭᠯᠡᠭᠡ ᠶᠢ ᠠᠬᠢᠭᠤᠯᠬᠤ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠬᠡᠷᠡᠭᠯᠡᠭᠡᠨ ᠤ ᠳᠠᠯᠳᠠ | ᠬᠦᠴᠦᠨ ᠢ ᠪᠦᠲᠦᠮᠵᠢᠲᠡᠢ ᠢᠯᠡᠷᠡᠬᠦᠯᠵᠦ᠂ ᠬᠡᠷᠡᠭᠯᠡᠭᠡᠨ ᠤ ᠭᠠᠳᠠᠭᠰᠢ ᠳᠠᠷᠬᠠᠬᠤ ᠶᠢ ᠪᠠᠭᠠᠰᠬᠠᠵᠤ᠂ ᠬᠡᠷᠡᠭᠯᠡᠭᠡᠨ ᠤ | ᠨᠡᠮᠡᠭᠳᠡᠯ ᠤᠨ ᠬᠡᠮᠵᠢᠶ᠎ᠡ ᠶᠢ ᠬᠦᠭᠵᠢᠬᠡᠨ᠎ᠡ᠃ ᠰᠢᠨ᠎ᠡ ᠨᠢᠭᠡ ᠡᠭᠡᠯᠵᠢ ᠶᠢᠨ ︽ᠬᠤᠶᠠᠷ ᠰᠢᠨ᠎ᠡ︾ ᠲᠦᠷᠦ ᠶᠢᠨ | ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ᠂ ᠲᠣᠭᠤᠭᠠᠨ ᠭᠡᠷ | ᠠᠷᠢᠭᠤᠨ ᠴᠡᠪᠡᠷ ᠤᠨ ᠦᠷᠦᠭᠡᠨ ᠤ ᠬᠡᠷᠡᠭᠰᠡᠯ ᠵᠡᠷᠭᠡ ᠨᠡᠶᠢᠳᠡᠮ ᠬᠡᠷᠡᠭᠯᠡᠭᠡ ᠶᠢ ᠲᠣᠭᠲᠠᠪᠤᠷᠢᠵᠢᠭᠤᠯᠤᠨ ᠦᠷᠭᠡᠳᠭᠡᠨ᠎ᠡ᠃ | ᠬᠡᠷᠡᠭᠯᠡᠭᠡ ᠶᠢ ᠪᠠᠶᠠᠯᠢᠭᠵᠢᠭᠤᠯᠤᠨ ᠥᠷᠭᠡᠳᠬᠡᠵᠦ᠂ ᠨᠠᠰᠣᠳᠠᠶᠢᠴᠣᠳ ᠤᠨ ᠠᠵᠤ ᠠᠬᠤᠢ᠂ ᠰᠢᠨ᠎ᠡ ᠨᠡᠭᠡᠭᠡᠯᠳᠡ | ᠬᠢᠭᠰᠡᠨ ᠠᠵᠦ ᠠᠬᠤᠢ᠂ ᠠᠩᠬᠠᠨ ᠤ ᠳᠡᠯᠭᠡᠭᠦᠷ ᠤᠨ ᠠᠵᠤ ᠠᠬᠤᠢ ᠪᠣᠯᠤᠨ ᠰᠢᠭᠤᠳ ᠨᠡᠪᠲᠡᠷᠡᠭᠦᠯᠭᠡ ᠶᠢᠨ ᠠᠵᠤ | ᠠᠬᠤᠢ ᠵᠡᠷᠭᠡ ᠡᠵᠡᠩᠨᠡᠯᠲᠡ ᠶᠢᠨ ᠬᠡᠯᠪᠡᠷᠢ ᠶᠢ ᠲᠦᠷᠭᠡᠨ ᠪᠤᠶᠢᠵᠢᠭᠤᠯᠵᠤ᠂ ᠬᠤᠳᠠᠯᠳᠤᠨ ᠠᠪᠬᠤ᠂ ᠰᠣᠶᠣᠯ ᠴᠡᠩᠭᠡᠯ᠂ | ᠡᠷᠡᠭᠦᠯᠵᠢᠯ ᠰᠤᠪᠢᠯᠠᠯᠲᠠ᠂ ᠭᠡᠷ ᠤᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠦᠵᠢᠭᠦᠯᠬᠦ ᠵᠡᠷᠭᠡ | ᠦᠢᠯᠡᠴᠢᠯᠡᠭᠡᠨ ᠤ ᠬᠡᠷᠡᠭᠯᠡᠭᠡ ᠶᠢ ᠪᠦᠲᠦᠮᠵᠢᠲᠡᠢ ᠦᠷᠭᠡᠳᠭᠡᠨ᠎ᠡ᠃ ᠭᠤᠣᠯᠳᠠᠯᠭ᠎ᠠ ᠲᠠᠢ ᠬᠤᠳᠠᠯᠳᠤᠭᠠᠨ ᠤ ᠵᠡᠭᠡᠯᠢ | ᠲᠣᠭᠤᠷᠢᠭ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠶᠡᠷᠦᠩᠬᠡᠶᠢᠯᠡᠭᠰᠡᠨ ᠴᠢᠨᠠᠷᠲᠠᠶ ᠴᠡᠴᠡᠷᠯᠢᠭ ᠵᠡᠷᠭᠡ | ᠲᠠᠯᠠᠪᠤᠷ ᠭᠠᠵᠠᠷ ᠤᠨ ᠬᠡᠷᠡᠭᠯᠡᠭᠡ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠨᠢᠭᠡ | ᠪᠦᠯᠦᠭ ᠠᠮᠲᠠᠲᠤ ᠢᠳᠡᠭᠡᠨ ᠤ ᠨᠠᠶᠢᠷ᠂ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ᠂ ᠳᠡᠯᠭᠡᠨ ᠪᠣᠷᠣᠯᠠᠭᠤᠯᠬᠤ | ᠴᠤᠭᠯᠠᠭᠠᠨ ᠵᠡᠷᠭᠡ ᠶᠢ ᠵᠠᠬ᠎ᠠ ᠳᠡᠯᠭᠡᠭᠦᠷᠴᠢᠯᠡᠨ ᠲᠥᠰᠦᠪᠯᠡᠵᠦ᠂ ᠡᠷᠲᠡ ᠶᠢᠨ ᠵᠠᠬ᠎ᠠ᠂ ᠵᠠᠮ ᠤᠨ ᠬᠠᠵᠠᠭᠤᠳᠠᠬᠢ ᠠᠵᠤ | ᠠᠬᠤᠶ᠂ ᠰᠥᠨᠢ ᠶᠢᠨ ᠵᠠᠬ᠎ᠠ᠂ ᠬᠤᠷᠠᠯ ᠦᠵᠡᠰᠬᠦᠯᠡᠩ ᠤᠨ ᠠᠵᠤ ᠠᠬᠤᠶ ᠶᠢ ᠬᠦᠭᠵᠢᠬᠦᠯᠦᠨ᠎ᠡ᠃ ᠠᠵᠤ ᠦᠢᠯᠡᠰ | ᠪᠠ ᠬᠤᠲᠠ ᠶᠢ ᠠᠭᠤᠰᠤᠯᠴᠠᠭᠤᠯᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠤᠲᠠ | ᠪᠠᠯᠭᠠᠰᠤ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠡᠵᠡᠩᠨᠡᠯᠲᠡ ᠬᠠᠮᠢᠶᠠᠷᠤᠯᠲᠠ ᠳᠤᠮᠳᠠ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠶᠢ ᠭᠦᠢᠴᠡᠳ ᠪᠣᠳᠣᠯᠬᠢᠯᠠᠵᠤ᠂ ᠲᠡᠳᠡᠨ ᠤ | ᠬᠥᠭᠵᠢᠯᠲᠡ ᠳᠤ ᠠᠯᠢ ᠴᠢᠳᠠᠬᠤ ᠪᠠᠷ ᠣᠷᠣᠨ ᠵᠠᠢ ᠦᠯᠡᠳᠡᠭᠡᠵᠦ᠂ ᠨᠥᠬᠦᠴᠡᠯ ᠪᠦᠷᠢᠯᠳᠦᠭᠦᠯᠵᠦ᠂ ᠳᠡᠮᠵᠢᠯᠭᠡ | ᠬᠠᠩᠭᠠᠨ᠎ᠠ᠃ | ᠬᠤᠶᠠᠷ᠂ ᠳᠠᠪᠠᠭᠤᠯᠢᠭ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠬᠦᠷᠢᠶᠡᠯᠡᠩ ᠲᠣᠭᠤᠷᠢᠭ ᠪᠠ ᠠᠵᠤ ᠦᠢᠯᠡᠰ ᠢ ᠲᠠᠰ ᠳᠡᠪᠰᠢᠭᠦᠯᠬᠦ ᠢᠨᠵᠧᠨᠧᠷᠢᠩ ᠢ ᠲᠦᠷᠭᠡᠳᠬᠡᠨ | ᠠᠬᠢᠭᠤᠯᠵᠤ᠂ ᠣᠲᠣ ᠦᠶ᠎ᠡ ᠶᠢᠨ ᠲᠡᠮᠡᠭᠡ᠂ ᠡᠯᠡᠰᠦᠨ ᠤ ᠠᠵᠤ ᠦᠢᠯᠡᠰ ᠪᠠ ᠳᠠᠪᠣᠰᠣ ᠬᠤᠵᠢᠷ ᠬᠢᠮᠢ ᠶᠢᠨ ᠠᠵᠤ | ᠦᠢᠯᠡᠳᠪᠦᠷᠢ᠂ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠲᠦᠷᠬᠡᠨ ᠪᠠᠶᠢᠭᠤᠯᠵᠤ᠂ ᠭᠤᠷᠪᠠᠨ ᠠᠵᠤ ᠦᠢᠯᠡᠰ ᠤᠨ | ︽ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠶᠢ ᠠᠬᠢᠭᠤᠯᠤᠨ᠎ᠠ | ᠨᠢᠭᠡ ᠳᠤ᠂ ᠲᠠᠷᠢᠶᠠᠯᠠᠩ ᠮᠠᠯ ᠠᠵᠤ ᠠᠬᠤᠶ ᠶᠢᠨ ᠣᠨᠴᠠᠯᠢᠭᠲᠤ ᠬᠥᠭᠵᠢᠯᠲᠡ ᠶᠢ ᠠᠬᠢᠭᠤᠯᠣᠨ᠎ᠠ᠃ ᠪᠥᠬᠦ | ᠤᠯᠤᠰ ᠤᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ᠂ ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ | ᠬᠥᠲᠥᠴᠢ ᠠᠵᠤ ᠠᠬᠤᠶᠢᠯᠠᠯ ᠢᠶᠠᠷ ᠳᠠᠶᠢᠴᠢᠯᠠᠬᠤ᠂ ᠬᠡᠪᠴᠢᠶᠡᠵᠢᠭᠦᠯᠦᠨ ᠳᠠᠷᠢᠵᠤ ᠲᠡᠵᠢᠭᠡᠬᠦ᠂ ᠪᠠᠷᠢᠮᠵᠢᠶ᠎ᠠ ᠶᠢᠨ | ᠳᠣᠭᠳᠠᠯᠴᠠᠭ᠎ᠠ ᠶᠢ ᠪᠠᠶᠢᠭᠤᠯᠬᠤ᠂ ᠨᠠᠷᠢᠯᠢᠭ ᠭᠦᠨᠵᠡᠭᠡᠶ ᠦᠢᠯᠡᠳᠬᠦᠨ ᠢ ᠨᠡᠭᠡᠭᠡᠨ ᠬᠦᠭᠵᠢᠬᠦᠯᠬᠦ᠂ ᠣᠷᠣᠨ | ᠪᠦᠰᠡ ᠶᠢᠨ ᠨᠠᠷᠠᠲᠤ ᠲᠡᠮᠳᠡᠭᠲᠦ ᠶᠢ ᠪᠣᠶ ᠪᠣᠯᠭᠠᠬᠤ ︽ᠲᠠᠪᠤᠨ ᠭᠤᠤᠯᠳᠠᠯᠭ᠎ᠠ︾ ᠶᠢ ᠲᠥᠪᠯᠡᠷᠡᠭᠦᠯᠦᠨ ᠰᠢᠪᠲᠤᠯᠬᠤ | ᠲᠣᠭᠤᠷᠢᠨ ᠳᠤ᠂ ᠠᠵᠤ ᠦᠢᠯᠡᠰ ᠤᠨ ᠬᠡᠪᠴᠢᠶ᠎ᠡ ᠪᠠ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠴᠢᠷᠮᠠᠶᠢᠨ | ᠪᠡᠶᠡᠯᠡᠬᠦᠯᠦᠨ᠎ᠡ᠃ 2025 ᠣᠨ ᠳᠤ᠂ ᠤᠯᠤᠰ ᠤᠨ ᠲᠠᠰ ᠤᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ | ᠬᠦᠷᠢᠶᠡᠯᠡᠩ ᠢ ᠲᠦᠷᠬᠡᠨ ᠪᠠᠶᠢᠭᠤᠯᠵᠤ᠂ ᠢᠯᠢ ᠵᠡᠷᠭᠡ ᠬᠥᠲᠥᠴᠢ ᠠᠵᠤ ᠠᠬᠤᠶᠢᠯᠠᠯ ᠲᠠᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠦᠨ᠂ ᠰᠠᠭᠠᠯᠢ ᠶᠢᠨ ᠢᠩᠭᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠡᠮᠵᠢᠶ᠎ᠡ ᠶᠢ 2.5 | ᠲᠦᠮᠡ ᠳᠤ ᠬᠦᠷᠦᠭᠦᠯᠵᠦ᠂ ᠲᠦᠭᠦᠬᠡᠶ ᠰᠣᠷᠭᠤᠭ ᠢᠩᠭᠡᠨ ᠰᠦ ᠶᠢᠨ ᠭᠠᠷᠤᠯᠲᠠ ᠶᠢ 25% ᠠᠴᠠ ᠳᠡᠭᠡᠭᠰᠢ | ᠨᠡᠮᠡᠭᠳᠡᠭᠦᠯᠦᠨ᠂ ᠲᠡᠮᠡᠭᠡᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 20% ᠠᠴᠠ ᠳᠡᠭᠡᠭᠰᠢ | ᠨᠡᠮᠡᠭᠳᠡᠭᠦᠯᠦᠨ᠎ᠡ︔ ᠳ᠋ᠦᠩ ᠡᠸ᠋ ᠴᠡᠷᠴᠡᠮᠠᠭ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠰᠢᠨ᠎ᠡ ᠦᠷ᠎ᠡ ᠪᠦᠲᠦᠭᠡᠯ | ᠣᠯᠬᠤ ᠶᠢ ᠠᠬᠢᠭᠤᠯᠵᠤ᠂ ᠡᠯᠡᠰᠦᠨ ᠤ ᠠᠵᠤ ᠦᠢᠯᠡᠰ ᠤᠨ ᠠᠷᠠᠯᠵᠢᠶᠠᠨ ᠤ ᠲᠥᠪ ᠤᠨ ᠲᠠᠪᠴᠠᠩ ᠢ ᠪᠠᠶᠢᠭᠤᠯᠵᠤ᠂ | ᠬᠥᠮᠥᠨ ᠤ ᠬᠦᠴᠦ ᠪᠠᠷ ᠴᠠᠭᠠᠨ ᠭᠤᠶᠣᠣ᠂ ᠤᠯᠠᠭᠠᠨ ᠭᠤᠶᠣᠣ ᠲᠠᠷᠢᠬᠤ ᠲᠠᠯᠠᠪᠠᠢ ᠶᠢ 2 ᠲᠦᠮᠡᠨ ᠮᠦ ᠠᠴᠠ ᠳᠡᠭᠡᠭᠰᠢ | ᠨᠡᠮᠡᠭᠳᠡᠭᠦᠯᠵᠦ᠂ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 20% ᠠᠴᠠ ᠳᠡᠭᠡᠭᠰᠢ | ᠨᠡᠮᠡᠭᠳᠡᠭᠦᠯᠦᠨ᠎ᠡ᠃ ᠠᠯᠠᠱᠠ ᠵᠡᠭᠦᠨ ᠬᠤᠰᠢᠭᠤ᠂ ᠬᠤᠶᠠᠷᠬᠤᠳᠳᠤᠭ ᠤᠨ ᠬᠦᠳᠡᠭᠡ ᠵᠢᠱᠢᠶ᠎ᠡ ᠦᠵᠡᠭᠦᠯᠬᠦ ᠣᠷᠣᠨ ᠤ | ᠪᠣᠬᠢᠷᠲᠤᠯ ᠥᠬᠡᠶ ᠣᠷᠭᠠᠨᠢᠭ ᠤᠰᠤ ᠠᠷᠪᠢᠯᠠᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠠᠯᠠᠱᠠ ᠶᠢᠨ ᠨᠣᠳᠤᠭ ᠤᠨ ᠰᠢᠷ᠎ᠠ ᠦᠬᠡᠷ᠂ | ᠴᠠᠭᠠᠨ ᠨᠣᠯᠤᠤᠷᠲᠤ ᠢᠮᠠᠭ᠎ᠠ᠂ ᠵᠢᠤᠢ ᠶᠠᠨ ᠪᠠᠯᠲᠤ ᠬᠡᠮᠬᠡ ᠵᠡᠷᠭᠡ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ | ᠰᠠᠶᠢᠲᠤᠷ ᠠᠳᠬᠤᠨ᠎ᠠ᠃ ᠰᠤᠯᠠ ᠪᠠᠶᠢᠭ᠎ᠠ ᠬᠦᠯᠡᠮᠵᠢ ᠶᠢ ᠠᠮᠢᠳᠤᠯᠢᠭ ᠢᠶᠠᠷ ᠠᠰᠢᠭᠯᠠᠬᠤ ᠶᠢ ᠭᠦᠨᠵᠡᠭᠡᠢ ᠠᠬᠢᠭᠤᠯᠵᠤ᠂ | ᠲᠦᠬᠦᠭᠡᠷᠦᠮᠵᠢᠲᠦ ᠲᠠᠷᠢᠶᠠᠯᠠᠩ ᠤᠨ ᠲᠡᠰ ᠳᠡᠪᠰᠢᠬᠦ ᠶᠢ ᠳᠦᠷᠭᠡᠳᠭᠡᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ | ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠪᠥᠬᠦ ᠠᠶᠢᠮᠠᠭ ᠤᠨ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠬᠤ ᠶᠢ | ᠠᠬᠢᠭᠤᠯᠣᠨ᠎ᠠ᠃ | ᠬᠤᠶᠠᠷ ᠲᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠠᠬᠢᠭᠤᠯᠣᠨ᠎ᠠ᠃ 59 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠪᠠᠶᠢᠭᠤᠯᠵᠤ᠂ ᠯᠢᠩ ᠱᠧᠩ ᠲᠠᠷᠢᠮᠠᠯ ᠤᠨ ᠥᠨᠳᠡᠭᠡᠨ ᠰᠢᠪᠲᠦᠷᠲᠦ ᠬᠦᠴᠢᠯ᠂ ᠹᠯᠣᠷ ᠤᠨ ᠡᠬᠢ ᠶᠢᠨ | ᠳᠡᠭᠡᠳᠦ ᠳᠡᠰ ᠤᠨ ᠹᠯᠣᠷ ᠤᠨ ᠮᠠᠲ᠋ᠧᠷᠢᠶᠠᠯ ᠵᠡᠷᠭᠡ ᠵᠠᠭᠤᠨ ᠳ᠋ᠦᠩᠰᠢᠭᠤᠷ ᠲᠥᠭᠦᠷᠢᠭ ᠤᠨ 6 ᠠᠵᠤ ᠦᠢᠯᠡᠰ ᠤᠨ | ᠲᠦᠷᠦᠯ ᠵᠦᠢᠯ ᠢ ᠲᠤᠪᠤᠶᠢᠮ᠎ᠠ ᠰᠠᠶᠢᠲᠤᠷ ᠠᠳᠬᠤᠵᠤ᠂ 14 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠲᠥᠬᠦᠭᠡᠷᠦᠮᠵᠢ ᠶᠢ ᠰᠢᠨᠡᠳᠬᠡᠬᠦ ᠪᠠ ᠤᠷ᠎ᠠ ᠮᠡᠷᠭᠡᠵᠢᠯ ᠢ ᠳᠡᠭᠡᠭᠰᠢᠯᠡᠭᠦᠯᠬᠦ ᠶᠢ ᠠᠬᠢᠭᠤᠯᠵᠤ᠂ ᠨᠡᠭᠦᠷᠡᠰᠦ᠂ ᠳᠠᠪᠤᠰᠤ᠂ | ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ ᠲᠡᠰ ᠳᠡᠪᠰᠢᠭᠦᠯᠬᠦ ᠶᠢ ᠳᠦᠷᠭᠡᠳᠭᠡᠨ᠎ᠡ᠃ ᠪᠦᠬᠦ ᠤᠯᠤᠰ ᠤᠨ ᠤᠳᠤ ᠦᠶ᠎ᠡ ᠶᠢᠨ ᠳᠠᠪᠣᠰᠣ ᠬᠤᠵᠢᠷ | ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠢ ᠲᠦᠷᠬᠡᠨ ᠪᠠᠶᠢᠭᠤᠯᠵᠤ᠂ ᠪᠥᠸᠧ ᠶᠤᠸᠠᠨ ᠪᠠᠶᠢᠭᠠᠯᠢ ᠶᠢᠨ | ᠬᠤᠵᠢᠷ ᠤᠨ ᠬᠤᠶᠠᠳᠤᠭᠠᠷ ᠬᠤᠭᠤᠴᠠᠭᠠᠨ ᠤ 2 ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠬᠦᠴᠦᠯᠡᠨ ᠠᠬᠢᠭᠤᠯᠵᠤ᠂ ᠪᠦᠬᠦ ᠦᠢᠯᠡᠳᠪᠦᠷᠢᠯᠡᠯ ᠤᠨ ᠴᠢᠳᠠᠪᠤᠷᠢ ᠶᠢᠨ ᠬᠡᠪᠴᠢᠶ᠎ᠡ ᠶᠢ 860 | ᠲᠦᠮᠡᠨ ᠲᠣᠨ ᠳᠤ ᠬᠦᠷᠭᠡᠵᠦ᠂ ᠪᠦᠬᠦ ᠪᠥᠮᠪᠥᠷᠴᠡᠭ ᠤᠨ ᠪᠠᠶᠢᠭᠠᠯᠢ ᠶᠢᠨ ᠬᠤᠵᠢᠷ ᠤᠨ ᠬᠠᠮᠤᠭ ᠤᠨ ᠶᠡᠭᠡ | ᠦᠢᠯᠡᠳᠪᠦᠷᠢᠯᠡᠯ ᠤᠨ ᠰᠠᠭᠤᠷᠢᠨ ᠢ ᠠᠩᠬ᠎ᠠ ᠠᠯᠬᠤᠮ ᠪᠠᠶᠢᠭᠤᠯᠵᠤ᠂ ︽ᠳᠤᠮᠳᠠᠳᠤ ᠤᠯᠤᠰ ᠤᠨ ᠬᠤᠵᠢᠷ ᠤᠨ ᠬᠤᠳᠠ︾ | ᠶᠢ ᠲᠦᠷᠬᠡᠨ ᠪᠠᠶᠢᠭᠤᠯᠣᠨ᠎ᠠ᠃ ᠬᠤᠵᠢᠷ ᠴᠠᠬᠢᠭᠤᠷ ᠢ ᠬᠠᠮᠳᠣᠷᠠᠭᠤᠯᠣᠨ ᠦᠢᠯᠡᠳᠪᠦᠷᠢᠯᠡᠬᠦ ᠬᠢᠮᠢ ᠶᠢᠨ ᠠᠵᠤ | ᠦᠢᠯᠡᠳᠪᠦᠷᠢ᠂ ᠭᠡᠷᠡᠯ ᠴᠡᠨᠡᠭ ᠤᠨ ᠰᠢᠯ᠂ ᠬᠦᠩᠭᠡᠨ ᠠᠵᠤ ᠦᠢᠯᠡᠳᠪᠦᠷᠢ ᠶᠢᠨ ᠡᠳᠦᠷ ᠲᠤᠳᠤᠮ ᠤᠨ ᠬᠡᠷᠡᠭᠯᠡᠭᠡᠨ ᠤ | ᠵᠦᠢᠯ ᠵᠡᠷᠭᠡ ᠬᠤᠯᠪᠣᠭᠳᠠᠬᠤ ᠠᠵᠤ ᠦᠢᠯᠡᠰ ᠢ ᠳᠦᠯᠦᠪᠵᠢᠬᠦᠯᠬᠦ ᠪᠠᠶᠢᠷᠢᠰᠢᠭᠤᠯᠬᠤ ᠪᠠ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠪᠠᠶᠢᠭᠠᠯᠢ ᠶᠢᠨ ᠬᠤᠵᠢᠷ ᠤᠨ ᠠᠵᠤ ᠦᠢᠯᠡᠰ ᠤᠨ ᠦᠷᠭᠡᠵᠢᠨ | ᠬᠥᠭᠵᠢᠬᠦ᠂ ᠳᠠᠪᠣᠰᠣ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠬᠤᠯᠪᠣᠯᠳᠤᠨ ᠬᠥᠭᠵᠢᠬᠦ ᠶᠢ ᠠᠬᠢᠭᠤᠯᠤᠨ᠎ᠠ᠃ | ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ ᠶᠢᠨ ᠡᠬᠢ ᠪᠠᠶᠠᠯᠢᠭ ᠢ ᠡᠷᠴᠢᠮᠵᠢᠭᠦᠯᠦᠨ | ᠬᠡᠪᠴᠢᠶᠡᠵᠢᠭᠦᠯᠦᠨ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠨᠡᠭᠦᠷᠡᠰᠦᠨ ᠤ ᠠᠵᠤ ᠠᠬᠤᠶᠢᠯᠠᠯ ᠤᠨ ᠡᠮᠬᠢ | ᠵᠢᠷᠤᠮ ᠲᠠᠢ ᠪᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ᠂ ᠨᠡᠭᠦᠷᠡᠰᠦ ᠤᠬᠢᠶᠠᠬᠤ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠴᠢᠳᠠᠪᠤᠷᠢ ᠪᠠᠨ ᠲᠦᠷᠭᠡᠨ ᠪᠠᠳᠠᠷᠠᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ | ᠨᠡᠭᠦᠷᠡᠰᠦᠨ ᠤ ᠥᠪᠥᠷ ᠮᠣᠩᠭᠤᠯ ᠤᠨ ᠡᠨᠧᠷᠭᠢ᠂ ᠭᠤᠸᠠᠩ ᠨᠠ ᠨᠡᠭᠦᠷᠡᠰᠦᠨ ᠤ ᠦᠢᠯᠡᠰ᠂ ᠢ ᠳ᠋ᠠ ᠽᠦᠩ ᠵᠡᠷᠭᠡ | ᠠᠵᠤ ᠠᠬᠤᠶᠢᠯᠠᠯ ᠯᠤᠭ᠎ᠠ ᠶᠢᠨ ᠨᠡᠭᠦᠷᠡᠰᠦᠨ ᠤ ᠡᠬᠢ ᠪᠠᠶᠠᠯᠢᠭ ᠢ ᠬᠠᠳᠠᠭᠠᠯᠠᠵᠤ ᠲᠤᠬᠢᠷᠠᠭᠤᠯᠬᠤ ᠠᠷᠠᠯᠵᠢᠶᠠᠨ ᠤ | ᠬᠠᠮᠲᠤᠷᠠᠯᠴᠠᠭᠠᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠣᠨ᠎ᠠ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠠᠰ ᠳᠡᠪᠰᠢᠬᠦ ᠶᠢ ᠶᠡᠬᠡᠪᠡᠷ ᠠᠬᠢᠭᠤᠯᠵᠤ᠂ ᠠᠯᠠᠱᠠ ᠳᠡᠭᠡᠳᠦ ᠰᠢᠨ᠎ᠡ | ᠮᠡᠷᠭᠡᠵᠢᠯ ᠤᠨ ᠣᠷᠣᠨ ᠥᠪᠡᠷᠲᠡᠭᠡᠨ ᠵᠠᠰᠠᠬᠤ ᠣᠷᠣᠨ ᠤ ᠲᠠᠰ ᠤᠨ ᠥᠨᠳᠥᠷ ᠬᠢᠷᠢ ᠲᠦᠪᠰᠢᠨ ᠪᠥᠬᠦᠶ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ | ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠪᠠ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠮᠥ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠪᠠ ᠭᠠᠶᠢᠯᠢ ᠲᠠᠲᠠᠪᠤᠷᠢ ᠶᠢ ᠢᠯᠡᠳᠲᠡ | ᠳᠡᠭᠡᠭᠰᠢᠯᠡᠭᠦᠯᠬᠦ ᠪᠠᠷ ᠴᠢᠷᠮᠠᠶᠢᠨ᠎ᠠ︔ ᠲᠩᠷᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠡᠭᠦᠷᠡᠰᠦ | ᠬᠡᠤᠷᠡᠰᠦ ᠶᠢᠨ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠣᠶᠤᠨᠴᠢ | ᠪᠣᠳᠣᠯᠭ᠎ᠠ ᠶᠢᠨ ᠲᠥᠪ ᠤᠨ ᠪᠥᠲᠥᠭᠡᠨ ᠪᠠᠶᠢᠭᠤᠯᠤᠯᠲᠠ ᠪᠠ ᠣᠷᠣᠨ ᠪᠦᠰᠡ ᠶᠢᠨ ᠠᠵᠤ ᠦᠢᠯᠡᠰ ᠤᠨ ᠬᠠᠷᠢᠯᠴᠠᠨ | ᠬᠥᠳᠡᠯᠦᠯᠴᠡᠬᠦ ᠶᠢ ᠢᠳᠡᠪᠬᠢᠲᠡᠶ ᠠᠬᠢᠭᠤᠯᠵᠤ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠥᠷᠲᠡᠭ ᠢ 100 | ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ︔ ᠦᠯᠵᠡᠢ — ᠣᠯᠠᠨᠪᠤᠯᠠᠭ᠂ ᠴᠡᠭᠡ — | ᠰᠠᠶᠢᠬᠠᠨᠲᠤᠤᠷᠠᠢ ᠶᠢᠨ ᠬᠢᠯᠢ ᠳᠠᠭᠠᠤ ᠠᠵᠤ ᠦᠢᠯᠡᠰ ᠤᠨ ᠬᠦᠷᠢᠶᠡᠯᠡᠩ ᠢ ᠲᠦᠷᠬᠡᠨ ᠪᠠᠶᠢᠭᠤᠯᠵᠤ᠂ ᠨᠡᠭᠦᠷᠡᠰᠦ ᠶᠢ | ᠬᠠᠳᠠᠭᠠᠯᠠᠵᠤ ᠲᠤᠬᠢᠷᠠᠭᠤᠯᠬᠤ᠂ ᠤᠬᠢᠶᠠᠵᠤ ᠰᠣᠩᠭᠤᠬᠤ᠂ ᠪᠠᠷᠠᠭᠠᠨ ᠤ ᠭᠦᠢᠯᠭᠡᠭᠡ ᠵᠡᠷᠭᠡ ᠲᠦᠷᠦᠯ ᠵᠦᠢᠯ ᠢ ᠲᠦᠷᠭᠡᠨ | ᠨᠠᠶᠢᠳᠠᠪᠤᠷᠢᠵᠢᠭᠤᠯᠬᠤ ᠶᠢ ᠠᠬᠢᠭᠤᠯᠣᠨ᠎ᠠ︔ ᠳᠠᠩᠰᠣᠭᠪᠣᠯᠠᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠪᠠᠶᠢᠭᠤᠯᠬᠤ ᠶᠢ ᠠᠬᠢᠭᠤᠯᠵᠤ᠂ ᠬᠦᠷᠢᠶᠡᠯᠡᠩ ᠲᠣᠭᠤᠷᠢᠭ ᠢ ᠪᠠᠶᠢᠷᠢᠰᠢᠭᠤᠯᠬᠤ᠂ ᠲᠥᠷᠥᠯ ᠵᠦᠢᠯ ᠢ ᠣᠷᠣᠭᠤᠯᠤᠨ | ᠠᠪᠴᠢᠷᠠᠬᠤ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠦᠷᠢᠳᠦᠭᠦᠯᠬᠦ ᠵᠡᠷᠭᠡ ᠠᠵᠢᠯ ᠢ ᠰᠠᠶᠢᠲᠤᠷ | ᠳᠦᠯᠦᠪᠯᠡᠨ ᠬᠢᠨ᠎ᠠ᠃ ᠰᠢᠨ᠎ᠡ ᠨᠢᠭᠡ ᠡᠭᠡᠯᠵᠢ ᠶᠢᠨ ᠠᠭᠤᠷᠬᠠᠶ ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠵᠦ᠂ ᠡᠵᠡᠨ᠎ᠡ ᠶᠢᠨ ᠬᠤᠶᠢᠲᠤ ᠠᠭᠤᠯᠠ ᠶᠢᠨ ᠣᠷᠣᠨ᠂ ᠠᠯᠠᠱᠠ ᠵᠡᠭᠦᠨ ᠬᠤᠰᠢᠭᠤᠨ ᠤ ᠬᠠᠷ᠎ᠠ | ᠶᠢᠨ ᠠᠭᠤᠯᠠ ᠶᠢᠨ ᠬᠦᠳᠡᠷ ᠤᠨ ᠬᠡᠪᠳᠡᠰᠢ᠂ ᠠᠯᠠᠱᠠ ᠪᠠᠷᠠᠭᠤᠨ ᠬᠤᠰᠢᠭᠤᠨ ᠤ ᠵᠠᠮ ᠣᠪᠣᠭ᠎ᠠ ᠵᠡᠷᠭᠡ | ᠭᠤᠤᠯᠳᠠᠯᠭ᠎ᠠ ᠲᠠᠢ ᠣᠷᠣᠨ ᠳᠤ ᠮᠥᠨ ᠴᠢᠨᠠᠷ ᠤᠨ ᠰᠢᠪᠲᠤᠯᠤᠯᠲᠠ ᠲᠠᠢ ᠪᠣᠯᠬᠤ ᠶᠢ ᠬᠦᠴᠦᠯᠡᠨ ᠠᠬᠢᠭᠤᠯᠣᠨ᠎ᠠ᠃ | ᠭᠤᠷᠪᠠ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠠᠪᠠᠯᠳᠠᠳᠤ ᠬᠥᠭᠵᠢᠯᠲᠡ ᠶᠢ ᠠᠬᠢᠭᠤᠯᠣᠨ᠎ᠠ᠃ ᠪᠥᠬᠦ | ᠠᠶᠢᠮᠠᠭ ᠤᠨ ᠬᠦᠴᠦᠨ ᠢᠶᠠᠷ ᠪᠥᠬᠦ ᠤᠯᠤᠰ ᠤᠨ ᠰᠢᠨ᠎ᠡ ᠡᠨᠧᠷᠭᠢ ᠶᠢᠨ ᠴᠢᠬᠤᠯᠠ ᠲᠣᠮᠣ ᠰᠠᠭᠤᠷᠢᠨ ᠭᠠᠵᠠᠷ ᠢ | ᠪᠥᠲᠥᠭᠡᠨ ᠪᠠᠶᠢᠭᠤᠯᠬᠤ ᠶᠢ ᠠᠬᠢᠭᠤᠯᠵᠤ᠂ ᠮᠧᠩ ᠨᠧᠩ 500 ᠲᠦᠮᠡᠨ ᠺᠢᠯᠣᠸᠠᠲ᠂ ᠡᠯᠡᠰᠦᠷᠭᠡᠭᠵᠢᠯ ᠢ | ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠢ ᠨᠢᠭᠡ ᠴᠣᠭᠴᠠᠵᠢᠭᠤᠯᠬᠤ ᠢᠨᠵᠧᠨᠧᠷᠢᠩ ᠤᠨ | 400 ᠲᠦᠮᠡᠨ ᠺᠢᠯᠣᠸᠠᠲ ᠤᠨ ᠰᠠᠯᠬᠢ ᠬᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ ᠵᠢᠴᠢ ᠰᠢᠨ ᠶᠤᠸᠠᠨ ᠵᠢᠩ | ᠪᠣᠯᠤᠨ ᠠ ᠹᠧᠩ ᠪᠣᠣ ᠹᠧᠩ ᠬᠤᠶᠠᠷ 100 ᠲᠦᠮᠡᠨ ᠺᠢᠯᠣᠸᠠᠲ ᠤᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ | ᠲᠩᠷᠢ ᠶᠡᠭᠡ ᠰᠠᠭᠤᠷᠢᠨ ᠭᠠᠵᠠᠷ ᠤᠨ 4 × 100 ᠲᠦᠮᠡᠨ ᠺᠢᠯᠣᠸᠠᠲ ᠤᠨ ᠣᠷᠭᠢᠯ ᠲᠣᠬᠢᠷᠠᠭᠤᠯᠬᠤ ᠴᠠᠬᠢᠯᠭᠠᠨ | ᠦᠢᠯᠡᠳᠪᠦᠷᠢ᠂ ᠶᠧ ᠲᠠᠢ ᠶᠠᠩ ᠭᠤᠸᠠᠩ 10 ᠲᠦᠮᠡᠨ ᠲᠣᠨ ᠤ ᠴᠡᠪᠡᠷ ᠮᠧᠲ᠋ᠢᠯ ᠠᠯᠺᠣᠣᠯ᠂ ᠬᠦᠸᠧ ᠨᠧᠩ 60 | ᠲᠦᠮᠡᠨ ᠺᠢᠯᠣᠸᠠᠲ ᠤᠨ ᠴᠡᠪᠡᠷ ᠴᠠᠬᠢᠯᠭᠠᠨ ᠢᠶᠠᠷ ᠤᠰᠤᠲᠥ᠋ᠷᠥᠭᠴᠢ ᠰᠢᠪᠲᠦᠷ ᠦᠢᠯᠡᠳᠬᠦ ᠵᠡᠷᠭᠡ ᠣᠷᠣᠨ ᠪᠦᠰᠡ ᠶᠢᠨ | ᠬᠠᠮᠲᠤᠷᠠᠯᠴᠠᠭ᠎ᠠ ᠪᠠ ᠲᠤᠬᠠᠶ ᠶᠢᠨ ᠭᠠᠵᠠᠷ ᠤᠨ ᠬᠡᠷᠡᠭᠯᠡᠭᠡᠨ ᠤ ᠲᠥᠷᠥᠯ ᠵᠦᠢᠯ ᠢ ᠭᠤᠤᠯᠳᠠᠯᠭ᠎ᠠ ᠲᠠᠢ ᠰᠠᠶᠢᠲᠤᠷ | ᠠᠳᠬᠤᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠬᠦ ᠪᠠᠷ | ᠴᠢᠷᠮᠠᠶᠢᠨ᠎ᠠ᠃ ᠪᠠᠶᠠᠨᠬᠤᠲᠠ ᠶᠢᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠢ ᠰᠠᠶᠢᠲᠤᠷ ᠲᠥᠯᠥᠪᠵᠢᠭᠦᠯᠦᠨ ᠪᠠᠶᠢᠭᠤᠯᠵᠤ᠂ ᠶᠦᠨ ᠳ᠋ᠠ᠂ ᠷᠧᠨ ᠾᠧ ᠬᠤᠶᠠᠳᠤᠭᠠᠷ ᠬᠤᠭᠤᠴᠠᠭ᠎ᠠ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠬᠡᠷᠡᠯ ᠢᠯᠴᠢ ᠪᠠᠷ | ᠴᠠᠬᠢᠯᠭᠠᠨ ᠭᠠᠷᠭᠠᠬᠤ ᠵᠡᠷᠭᠡ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠢ ᠢᠳᠡᠪᠬᠢᠲᠡᠶ ᠪᠠᠷ | ᠬᠦᠷᠢᠶᠡᠯᠡᠩ ᠳᠤ ᠣᠷᠣᠭᠤᠯᠣᠨ᠎ᠠ᠃ ᠴᠡᠪᠡᠷ ᠡᠨᠧᠷᠭᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠰᠢᠨ᠎ᠡ ᠡᠨᠧᠷᠭᠢ ᠶᠢᠨ ᠥᠪᠡᠷᠲᠡᠭᠡᠨ ᠬᠡᠷᠡᠭᠯᠡᠬᠦ ᠰᠢᠩᠭᠡᠭᠡᠬᠦ ᠵᠢᠱᠢᠶ᠎ᠡ ᠦᠵᠡᠭᠦᠯᠬᠦ ᠰᠠᠭᠤᠷᠢᠨ ᠢ ᠪᠦᠬᠦ | ᠬᠦᠴᠦᠨ ᠢᠶᠠᠷ ᠢᠶᠠᠨ ᠪᠠᠶᠢᠭᠤᠯᠵᠤ᠂ ᠤᠳᠤ ᠶᠢᠨ ᠪᠠᠶᠢᠭ᠎ᠠ ᠠᠵᠤ ᠦᠢᠯᠡᠳᠪᠦᠷᠢ ᠶᠢᠨ ᠲᠦᠷᠦᠯ ᠵᠦᠢᠯ ᠢ ᠴᠡᠪᠡᠷ | ᠡᠨᠧᠷᠭᠢ ᠪᠠᠷ ᠣᠷᠣᠯᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠲᠡᠷᠢᠭᠦᠨ ᠤ ᠥᠨᠳᠥᠷ ᠠᠴᠢᠶᠠᠯᠠᠭᠴᠢ | ᠡᠨᠧᠷᠭᠢ ᠶᠢᠨ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠰᠠᠯᠬᠢ | ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠰᠢᠪᠲᠦᠷ ᠠᠯᠺᠣᠣᠯ ᠦᠢᠯᠡᠳᠬᠦ ᠪᠠ ᠰᠢᠨ᠎ᠡ ᠬᠡᠯᠪᠡᠷᠢ ᠶᠢᠨ ᠡᠨᠧᠷᠭᠢ | ᠬᠠᠳᠠᠭᠠᠯᠠᠬᠤ᠂ ᠠᠵᠢᠯᠯᠠᠭᠤᠯᠵᠤ ᠪᠠᠲᠤᠯᠠᠬᠤ ᠦᠢᠯᠡᠴᠢᠯᠡᠬᠦ ᠵᠡᠷᠭᠡ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ | ᠂ ᠰᠢᠨ᠎ᠡ ᠡᠨᠧᠷᠭᠢ ᠶᠢᠨ ᠠᠵᠤ ᠦᠢᠯᠡᠰ ᠤᠨ ᠡᠷᠲᠡᠬᠡᠨ ᠬᠡᠯᠬᠢᠶᠡᠵᠢᠵᠦ ᠪᠣᠵᠠᠭᠠᠶᠢᠷᠠᠬᠤ ᠶᠢ ᠠᠬᠢᠭᠤᠯᠣᠨ᠎ᠠ᠃ | ᠳᠥᠷᠪᠡ ᠳᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ | ᠬᠥᠭᠵᠢᠬᠦ ᠶᠢ ᠠᠬᠢᠭᠤᠯᠣᠨ᠎ᠠ᠃ ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠵᠣᠷᠢᠭᠰᠠᠨ ᠭᠠᠵᠠᠷ ᠢ ᠴᠣᠭᠴᠠᠯᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠲᠠᠰ ᠤᠨ ᠵᠢᠭᠤᠯᠴᠢᠯᠠᠯ ᠢ ᠲᠦᠷᠬᠡᠨ ᠬᠥᠭᠵᠢᠭᠦᠯᠵᠦ᠂ ︽ᠲᠠᠪᠤ ᠶᠢ | ᠰᠢᠯᠢᠳᠡᠭᠵᠢᠭᠦᠯᠦᠨ ᠳᠡᠭᠡᠭᠰᠢᠯᠡᠭᠦᠯᠬᠦ︾ ᠶᠢ ᠬᠦᠴᠦᠯᠡᠨ ᠰᠠᠶᠢᠲᠤᠷ ᠠᠳᠬᠤᠵᠤ᠂ ᠨᠠᠷᠠᠲᠤ ᠲᠡᠮᠳᠡᠭᠲᠦ ᠶᠢ ᠤᠯᠠᠮ ᠨᠢᠭᠡ | ᠠᠯᠬᠤᠮ ᠬᠦᠴᠦᠷᠬᠡᠭᠵᠢᠭᠦᠯᠦᠨ᠂ ᠠᠵᠢᠯ ᠦᠢᠯᠡᠰ ᠢ ᠨᠠᠷᠢᠯᠢᠭᠵᠢᠭᠤᠯᠵᠦ᠂ ᠵᠤᠭᠠᠴᠠᠭᠰᠠᠳ ᠢ 1100 ᠲᠦᠮᠡᠨ | ᠬᠥᠮᠦᠨ ᠤᠳᠠᠭ᠎ᠠ ᠠᠴᠠ ᠳᠠᠪᠠᠭᠤᠯᠵᠤ᠂ ᠵᠢᠭᠤᠯᠴᠢᠯᠠᠯ ᠤᠨ ᠣᠷᠣᠯᠭ᠎ᠠ ᠶᠢ 110 ᠳ᠋ᠦᠩᠰᠢᠭᠤᠷ ᠲᠥᠭᠦᠷᠢᠭ ᠢ | ᠳᠠᠪᠠᠭᠤᠯᠬᠤ ᠪᠠᠷ ᠴᠢᠷᠮᠠᠶᠢᠨ᠎ᠠ᠃ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ | ᠠᠬᠢᠭᠤᠯᠵᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠪᠠᠷᠢᠮᠲᠠᠯᠠᠨ᠂ ᠰᠢᠨ᠎ᠡ ᠲᠥᠷᠥᠯ ᠵᠦᠢᠯ᠂ ᠰᠢᠨ᠎ᠡ | ᠠᠷᠭ᠎ᠠ ᠶᠢ ᠢᠳᠡᠪᠬᠢᠲᠡᠶ ᠣᠷᠣᠭᠤᠯᠤᠨ ᠠᠪᠴᠢᠷᠠᠵᠤ᠂ ︽ᠰᠡᠳᠬᠢᠯ ᠢ ᠰᠣᠭᠳᠣᠷᠠᠭᠤᠯᠣᠮᠠ ᠠᠯᠠᠱᠠ ᠳᠤ ᠵᠣᠯᠭᠠᠶ᠎ᠠ︾ | ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠢᠯᠡ ᠲᠣᠳᠣ᠂ ᠬᠦᠴᠦᠨ ᠵᠦᠢᠯ ᠪᠦᠷᠢᠨ᠂ ᠪᠡᠶᠡᠴᠢᠯᠡᠨ | ᠣᠶᠢᠯᠠᠭᠠᠬᠤ ᠴᠣ ᠰᠢᠨ᠎ᠡ ᠠᠴᠢᠶᠠᠯᠠᠪᠤᠷᠢ ᠪᠣᠯᠭᠠᠨ᠎ᠠ᠃ ᠦᠵᠡᠮᠵᠢ ᠶᠢᠨ ᠣᠷᠣᠨ ᠢ ᠰᠢᠯᠢᠳᠡᠭᠵᠢᠭᠦᠯᠦᠨ | ᠳᠡᠭᠡᠭᠰᠢᠯᠡᠭᠦᠯᠬᠦ ᠶᠢ ᠠᠬᠢᠭᠤᠯᠵᠤ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠵᠤᠭ᠎ᠠ ᠴᠡᠩᠭᠡᠯ ᠤᠨ | ᠴᠢᠳᠠᠮᠵᠢ ᠶᠢ ᠲᠡᠭᠦᠯᠳᠡᠷᠵᠢᠭᠦᠯᠵᠦ᠂ ᠵᠤᠭᠠᠴᠠᠭᠰᠠᠳ ᠤᠨ ᠣᠶᠢᠯᠠᠭᠠᠯᠲᠠ ᠶᠢ ᠴᠢᠩᠭᠠᠳᠬᠠᠵᠤ᠂ ᠪᠠᠳᠠᠶ ᠶᠢᠨ ᠵᠢᠷᠠᠨ ᠤ | ᠡᠯᠡᠰᠦᠨ ᠤ ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠤᠯᠤᠰ ᠤᠨ 5A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ᠂ ᠴᠡᠭᠡ ᠪᠣᠭᠤᠮᠲᠠ ᠶᠢᠨ ᠤᠯᠤᠰ ᠤᠨ ᠬᠢᠯᠢ ᠶᠢᠨ ᠵᠢᠭᠤᠯᠴᠢᠯᠠᠯ ᠤᠨ | ᠲᠤᠷᠰᠢᠯᠲᠠ ᠶᠢᠨ ᠣᠷᠣᠨ ᠢ ᠲᠦᠷᠬᠡᠨ ᠪᠠᠶᠢᠭᠤᠯᠵᠤ᠂ ᠲᠩᠷᠢ ᠡᠯᠡᠰᠦᠨ ᠤ ᠵᠢᠭᠤᠯᠴᠢᠯᠠᠯ ᠤᠨ ᠣᠷᠣᠨ ᠪᠠ | ᠲᠤᠤᠷᠠᠶ ᠶᠢᠨ ᠣᠶ ᠶᠢᠨ ᠠᠮᠢ ᠠᠬᠤᠶ ᠶᠢᠨ ᠵᠢᠭᠤᠯᠴᠢᠯᠠᠯ ᠤᠨ ᠣᠷᠣᠨ ᠢ ᠪᠠᠶᠢᠭᠤᠯᠬᠤ ᠶᠢ ᠠᠬᠢᠭᠤᠯᠣᠨ᠎ᠠ᠃ | ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠬᠦᠳᠦᠴᠢ ᠠᠵᠤ | ᠠᠬᠤᠶᠢᠯᠠᠯ᠂ ᠲᠤᠰᠬᠠᠢ ᠮᠡᠷᠭᠡᠵᠢᠯ ᠤᠨ ᠪᠦᠯᠬᠦᠮ ᠢ ᠤᠷᠢᠵᠤ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ | ᠡᠵᠡᠩᠨᠡᠬᠦ ᠳᠤ ᠣᠷᠣᠯᠴᠠᠭᠤᠯᠵᠤ᠂ ᠵᠤᠭᠠᠴᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠵᠠᠮ ᠱᠤᠭᠤᠮ ᠢ | ᠵᠢᠷᠤᠵᠤ ᠲᠥᠯᠥᠪᠯᠡᠵᠦ᠂ ᠦᠢᠯᠡᠳᠬᠦᠨ ᠢ ᠨᠡᠭᠡᠭᠡᠨ ᠬᠥᠭᠵᠢᠭᠦᠯᠵᠦ᠂ ᠦᠢᠯᠡᠴᠢᠯᠡᠭᠡ ᠬᠠᠩᠭᠠᠵᠤ᠂ ︽ᠢᠳᠡᠵᠦ | ᠤᠤᠭᠤᠬᠤ ᠶᠠᠪᠤᠵᠤ ᠰᠠᠭᠤᠬᠤ ᠵᠤᠭᠠᠴᠠᠨ ᠲᠣᠭᠤᠷᠢᠬᠤ ᠵᠣᠭᠠᠯᠠᠨ ᠴᠡᠩᠭᠡᠬᠦ︾ ᠡᠯ᠎ᠡ ᠭᠤᠭᠴᠤᠭ᠎ᠠ ᠶᠢ ᠦᠨᠡᠨ ᠬᠦ | ᠬᠤᠯᠪᠣᠵᠤ᠂ ᠨᠡᠩ ᠤᠯᠠᠨ ᠪᠠᠶᠢᠳᠠᠯ ᠢ ᠪᠤᠢ ᠪᠣᠯᠭᠠᠵᠤ᠂ ᠨᠡᠩ ᠤᠯᠠᠨ ᠬᠡᠷᠡᠭᠯᠡᠭᠡ ᠶᠢ ᠬᠠᠩᠭᠠᠨ᠎ᠠ᠃ ᠤᠬᠠᠭᠤᠯᠤᠨ | ᠡᠵᠡᠩᠨᠡᠨ ᠪᠣᠷᠣᠯᠠᠭᠤᠯᠬᠤ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ︽ᠪᠠᠳᠠᠢ ᠶᠢᠨ ᠵᠢᠷᠠᠨ ᠤ | ᠡᠯᠡᠰᠦᠨ ᠴᠦᠯ — ᠡᠯᠡᠰᠦᠨ ᠴᠣᠬᠢᠶ᠎ᠠ ᠨᠠᠭᠤᠷ︾ ᠳᠡᠯᠡᠬᠡᠢ ᠶᠢᠨ ᠪᠠᠶᠢᠭᠠᠯᠢ ᠶᠢᠨ ᠥᠪ ᠪᠣᠯᠤᠨ ᠬᠠᠮᠤᠭ ᠤᠨ ᠶᠡᠭᠡ | ᠡᠯᠡᠰᠦᠨ ᠴᠥᠯ ᠤᠨ ᠬᠡᠭᠡᠷᠡᠯᠡᠨ ᠠᠶᠠᠯᠠᠬᠤ ᠦᠪᠡᠳᠡᠭᠰᠢ ᠴᠤᠭᠯᠠᠭᠠᠨ᠂ ᠦᠵᠡᠰᠭᠦᠯᠡᠩᠲᠣ ᠲᠣᠣᠷᠠᠢ ᠵᠡᠷᠭᠡ ᠲᠦᠷᠦᠯ | ᠲᠡᠮᠳᠡᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠦᠢ ᠶᠠᠨ ᠤ ᠰᠣᠶᠣᠯ᠂ ᠰᠠᠨᠰᠠᠷ ᠠᠶᠠᠯᠠᠯ ᠤᠨ ᠰᠣᠶᠣᠯ᠂ | ᠬᠤᠪᠢᠰᠬᠠᠯ ᠤᠨ ᠰᠣᠶᠣᠯ ᠢ ᠭᠦᠨᠵᠡᠭᠡᠢ ᠢᠯᠡᠷᠡᠬᠦᠯᠵᠦ᠂ ᠤᠬᠠᠭᠤᠯᠭ᠎ᠠ ᠪᠣᠯᠤᠨ ᠡᠵᠡᠩᠨᠡᠨ ᠪᠣᠷᠣᠯᠠᠭᠤᠯᠬᠤ ᠠᠷᠭ᠎ᠠ | ᠪᠠᠷᠢᠯ ᠢ ᠰᠢᠨᠡᠴᠢᠯᠡᠵᠦ᠂ ᠬᠤᠳᠠ ᠶᠢᠨ ᠰᠡᠳᠦᠪ ᠢ ᠤᠬᠠᠭᠠᠯᠠᠨ ᠳᠦᠰᠦᠪᠯᠡᠵᠦ᠂ ᠬᠦᠮᠦᠰ ᠤᠨ ᠠᠩᠬᠠᠷᠣᠯ ᠢ ᠳᠠᠳᠠᠭᠰᠠᠨ | ᠠᠭᠤᠯᠭ᠎ᠠ ᠶᠢ ᠵᠣᠬᠢᠶᠠᠨ ᠪᠦᠲᠦᠭᠡᠵᠦ᠂ ᠠᠯᠠᠱᠠ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠠᠯᠳᠠᠷᠰᠢᠯ | ᠪᠣᠯᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠦᠷᠭᠡᠵᠢᠬᠦᠯᠦᠨᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠣᠳᠣᠨ ᠲᠠᠰ ᠤᠨ ᠵᠢᠭᠤᠯᠴᠢᠯᠠᠯ ᠤᠨ ᠬᠤᠷᠢᠶ᠎ᠠ᠂ ᠣᠳᠣᠨ | ᠲᠠᠰ ᠤᠨ ᠬᠤᠭᠤᠯᠠᠨ ᠬᠡᠷ ᠵᠡᠷᠭᠡ ᠶᠢ ᠪᠣᠢ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠵᠢᠭᠤᠯᠴᠢᠯᠠᠯ ᠤᠨ ᠠᠵᠢᠯ | ᠡᠷᠭᠢᠯᠡᠭᠰᠡᠳ ᠤᠨ ᠬᠡᠪ ᠪᠣᠯᠪᠠᠰᠣᠷᠠᠯ ᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠢᠨᠠᠠ | ᠬᠠᠮᠢᠶᠠᠷᠬᠤ ᠶᠢ ᠴᠢᠩᠳᠠᠯᠠᠵᠤ᠂ ᠴᠢᠨᠠᠷ ᠲᠠᠢ᠂ ᠬᠠᠯᠠᠭᠤᠨ ᠳᠣᠳᠣᠨᠣ ᠵᠢᠭᠤᠯᠴᠢᠯᠠᠯ ᠤᠨ ᠣᠷᠴᠢᠨ ᠲᠣᠭᠤᠷᠢᠨ ᠢ | ᠬᠦᠴᠦᠯᠡᠨ ᠪᠣᠶ ᠪᠣᠯᠭᠠᠨ᠎ᠠ᠃ | ᠲᠠᠪᠤ ᠳᠤ᠂ ᠳᠠᠯᠳᠠ ᠬᠦᠴᠦᠨ ᠪᠦᠬᠦᠢ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠣᠨ᠎ᠠ᠃ | ᠳᠣᠤᠷ᠎ᠠ ᠠᠭᠠᠷ ᠤᠨ ᠠᠵᠤ ᠠᠬᠤᠶ ᠶᠢᠨ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠶ ᠵᠠᠪᠳᠤᠨ ᠡᠵᠡᠯᠡᠵᠦ᠂ ᠳᠣᠤᠷ᠎ᠠ | ᠠᠭᠠᠷ ᠤᠨ ᠨᠢᠰᠦᠭᠦᠷ ᠢ ᠦᠢᠯᠡᠳᠬᠦ᠂ ᠳᠣᠤᠷ᠎ᠠ ᠠᠭᠠᠷ ᠤᠨ ᠨᠢᠰᠦᠯᠲᠡ ᠳᠤ ᠦᠢᠯᠡᠴᠢᠯᠡᠬᠦ ᠪᠠ ᠳᠡᠬᠦᠨ ᠢ ᠪᠠᠳᠣᠯᠠᠬᠤ᠂ | ᠳᠣᠤᠷ᠎ᠠ ᠠᠭᠠᠷ ᠤᠨ ᠣᠯᠠᠨ ᠳᠠᠯ᠎ᠠ ᠶᠢᠨ ᠬᠡᠷᠡᠭᠯᠡᠯᠲᠡ ᠶᠢᠨ ᠲᠣᠭᠤᠷᠢᠨ ᠳᠤ᠂ ᠰᠠᠭᠤᠷᠢ ᠳᠦᠭᠦᠭᠡᠷᠦᠮᠵᠢ ᠶᠢ ᠲᠦᠷᠬᠡᠨ | ᠪᠠᠶᠢᠷᠢᠰᠢᠭᠤᠯᠤᠨ ᠲᠡᠭᠦᠯᠳᠡᠷᠵᠢᠭᠦᠯᠵᠦ᠂ ᠬᠡᠷᠡᠭᠯᠡᠭᠡᠨ ᠤ ᠠᠬᠤᠶ ᠲᠠᠯᠠᠪᠠᠶ ᠶᠢᠨ ᠲᠥᠷᠥᠯ ᠵᠦᠢᠯ ᠢ ᠶᠡᠬᠡᠪᠡᠷ ᠣᠷᠣᠭᠤᠯᠤᠨ | ᠠᠪᠴᠢᠷᠠᠵᠤ᠂ ᠪᠥᠬᠦ ᠤᠯᠤᠰ ᠤᠨ ᠠᠭᠠᠷ ᠠᠶᠠᠯᠠᠯ ᠰᠠᠨᠰᠠᠷ ᠠᠶᠠᠯᠠᠯ ᠤᠨ ᠵᠠᠭᠪᠤᠷ ᠤᠨ ᠮᠠᠩᠯᠠᠶ ᠰᠢᠯᠭᠠᠷᠠᠭᠤᠯᠬᠤ | ᠤᠷᠤᠯᠳᠤᠭᠠᠨ ᠵᠢᠴᠢ ᠳᠤᠮᠳᠠᠳᠤ ᠤᠯᠤᠰ ᠤᠨ ᠬᠦᠮᠦᠨ ᠥᠬᠡᠶ ᠨᠢᠰᠬᠡᠯ ᠤᠨ ᠤᠯᠤᠰ ᠤᠨ ᠠᠩᠭᠢ ᠶᠢᠨ ᠰᠢᠯᠭᠠᠷᠠᠭᠤᠯᠬᠤ | ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠪᠡᠯᠡᠳᠬᠡᠨ ᠡᠷᠭᠢᠯᠡᠵᠦ᠂ ᠪᠥᠬᠦ ᠣᠷᠣᠨ ᠤ ᠳᠣᠤᠷ᠎ᠠ ᠠᠭᠠᠷ ᠤᠨ ᠠᠵᠤ | ᠠᠬᠤᠶ ᠶᠢᠨ ᠤᠷᠢᠳᠠᠪᠠᠷ ᠬᠡᠷᠡᠭᠵᠢᠭᠦᠯᠬᠦ ᠲᠤᠷᠰᠢᠯᠲᠠ ᠶᠢᠨ ᠣᠷᠣᠨ ᠪᠠ ᠳᠣᠤᠷ᠎ᠠ ᠠᠭᠠᠷ ᠤᠨ ᠵᠢᠭᠤᠯᠴᠢᠯᠠᠯ ᠤᠨ ᠠᠵᠤ | ᠠᠬᠤᠶ ᠶᠢᠨ ᠳᠦᠪᠯᠡᠷᠡᠭᠰᠡᠨ ᠣᠷᠣᠨ ᠢ ᠬᠦᠴᠦᠯᠡᠨ ᠪᠠᠶᠢᠭᠤᠯᠵᠤ᠂ ᠳᠣᠤᠷ᠎ᠠ ᠠᠭᠠᠷ + ᠲᠡᠭᠡᠭᠡᠪᠦᠷᠢ᠂ ᠳᠣᠤᠷ᠎ᠠ ᠠᠭᠠᠷ | + ᠴᠠᠭ ᠠᠭᠤᠷ ᠤᠨ ᠦᠢᠯᠡᠴᠢᠯᠡᠭᠡ᠂ ᠳᠣᠤᠷ᠎ᠠ ᠠᠭᠠᠷ + ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠵᠡᠷᠭᠡ ᠬᠦᠷᠢᠶᠡᠨ ᠳᠤ ᠪᠣᠳᠠᠲᠠᠶ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠨ᠎ᠠ᠃ ᠬᠤᠳᠠᠯᠳᠤᠭᠠᠨ ᠤ ᠵᠣᠷᠢᠭᠤᠯᠣᠯᠳᠠ | ᠪᠦᠬᠦᠢ ᠰᠠᠨᠰᠠᠷ ᠠᠶᠠᠯᠠᠯ ᠪᠣᠯᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠳ᠋ᠦᠩ ᠹᠧᠩ ᠰᠠᠨᠰᠠᠷ ᠤᠨ ᠬᠤᠳᠠ ᠶᠢᠨ ᠬᠤᠳᠠᠯᠳᠤᠭᠠᠨ ᠤ ᠵᠣᠷᠢᠭᠤᠯᠣᠯᠳᠠ ᠪᠦᠬᠦᠢ ᠰᠠᠨᠰᠠᠷ | ᠠᠶᠠᠯᠠᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ ᠲᠠᠢ ᠢᠳᠡᠪᠬᠢᠲᠡᠢ ᠣᠶᠠᠯᠳᠣᠵᠦ᠂ ᠰᠠᠨᠰᠠᠷ ᠠᠶᠠᠯᠠᠯ ᠤᠨ | ᠲᠦᠯᠡᠰᠢ᠂ ᠲᠡᠶᠢᠷᠦᠯᠲᠦ ᠰᠤᠮᠤ ᠶᠢᠨ ᠰᠡᠯᠪᠢᠭ ᠲᠤᠨᠤᠭ ᠢ ᠬᠥᠮᠥᠷᠭᠡᠯᠡᠨ ᠬᠠᠳᠠᠭᠠᠯᠠᠬᠤ ᠪᠠ ᠣᠨᠴᠠ ᠲᠦᠷᠦᠯ ᠤᠨ | ᠪᠤᠯᠤᠳ᠂ ᠴᠢᠨᠠᠷᠯᠢᠭ ᠮᠠᠭᠨᠢ ᠶᠢᠨ ᠬᠠᠶᠢᠯᠤᠰᠢ ᠵᠡᠷᠭᠡ ᠬᠤᠯᠪᠣᠭᠳᠠᠬᠤ ᠠᠵᠤ ᠦᠢᠯᠡᠰ ᠢ ᠪᠤᠶᠢᠵᠢᠭᠤᠯᠤᠨ | ᠬᠦᠭᠵᠢᠬᠦᠯᠦᠨ᠎ᠡ᠃ ᠬᠠᠴᠢᠨ ᠴᠢᠯᠠᠭᠤᠨ ᠤ ᠠᠵᠤ ᠦᠢᠯᠡᠰ ᠤᠨ ᠰᠡᠷᠭᠦᠯᠲᠡ ᠶᠢ ᠠᠬᠢᠭᠤᠯᠵᠤ᠂ ᠵᠠᠰᠠᠭ ᠤᠨ | ᠣᠷᠳᠣᠨ ᠠᠴᠠ ᠬᠦᠳᠦᠯᠦᠨ ᠵᠢᠯᠣᠭᠤᠳᠬᠤ᠂ ᠠᠵᠤ ᠠᠬᠤᠶᠢᠯᠠᠯ ᠢᠶᠠᠷ ᠳᠠᠶᠢᠴᠢᠯᠠᠭᠤᠯᠬᠤ ᠶᠢ ᠴᠢᠩᠭᠠᠳᠬᠠᠵᠤ᠂ ᠠᠵᠢᠯ | ᠲᠦᠷᠦᠯ ᠤᠨ ᠨᠡᠶᠢᠭᠡᠮᠯᠢᠭ ᠢ ᠰᠠᠶᠢᠲᠤᠷ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠵᠤ᠂ ᠡᠯᠡᠰᠦ | ᠮᠠᠩᠬᠠᠨ ᠤ ᠬᠠᠴᠢᠨ ᠴᠢᠯᠠᠭᠤᠨ ᠤ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠦᠷᠦᠯ | ᠵᠦᠢᠯ ᠢ ᠡᠬᠢᠯᠡᠭᠦᠯᠦᠨ ᠪᠠᠶᠢᠭᠤᠯᠬᠤ ᠶᠢ ᠬᠦᠴᠦᠯᠡᠨ ᠠᠬᠢᠭᠤᠯᠵᠤ᠂ ︽ᠳᠤᠮᠳᠠᠳᠤ ᠤᠯᠤᠰ ᠤᠨ ᠦᠵᠡᠮᠦᠷᠢ ᠶᠢᠨ | ᠴᠢᠯᠠᠭᠤᠨ ᠬᠤᠳᠠ︾ ᠶᠢᠨ ᠨᠡᠷ᠎ᠡ ᠠᠯᠳᠠᠷᠰᠢᠯ ᠢ ᠲᠠᠰᠤᠷᠠᠯᠳᠠ ᠦᠭᠡᠢ ᠳᠠᠭᠤᠷᠢᠰᠣᠭᠤᠯᠣᠨᠠ᠃ | ᠭᠤᠷᠪᠠ᠂ ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠡᠪᠳᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ | ᠳᠦᠭᠦᠭᠡᠷᠦᠮᠵᠢ ᠶᠢ ᠰᠠᠶᠢᠵᠢᠷᠠᠭᠤᠯᠣᠨ ᠥᠭᠡᠷᠡᠴᠢᠯᠡᠬᠦ ᠪᠠ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ | ᠠᠰᠢᠭᠯᠠᠬᠤ ᠢᠨᠵᠧᠨᠧᠷᠢᠩ ᠢ ᠶᠡᠬᠡᠪᠡᠷ ᠠᠬᠢᠭᠤᠯᠵᠤ᠂ ᠳᠠᠭᠠᠭᠠᠬᠤ ᠴᠢᠳᠠᠪᠤᠷᠢ ᠶᠢ ︽ᠳᠡᠰ ᠳᠡᠪᠰᠢᠭᠦᠯᠦᠨ | ᠪᠠᠭᠲᠠᠭᠠᠮᠵᠢ ᠶᠢ ᠥᠷᠭᠡᠳᠬᠡᠬᠦ︾ ᠶᠢ ᠠᠬᠢᠭᠤᠯᠤᠨ᠎ᠠ | ᠨᠢᠭᠡ ᠳᠤ᠂ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠣᠨ ᠥᠭᠡᠷᠡᠴᠢᠯᠡᠬᠦ ᠢᠨᠵᠧᠨᠧᠷᠢᠩ ᠰᠢᠨ᠎ᠡ ᠠᠬᠢᠴᠠ ᠲᠠᠢ | ᠪᠣᠯᠬᠤ ᠶᠢ ᠬᠦᠴᠦᠯᠡᠨ ᠠᠬᠢᠭᠤᠯᠣᠨ᠎ᠠ᠃ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ | ᠳᠣᠭᠳᠠᠯᠴᠠᠭ᠎ᠠ ᠶᠢ ᠲᠦᠷᠭᠡᠨ ᠲᠡᠭᠦᠯᠳᠡᠷᠵᠢᠭᠦᠯᠵᠦ᠂ ᠳᠡᠰᠴᠢᠯᠡᠭᠰᠡᠨ 7 ᠵᠠᠰᠠᠮᠠᠯ ᠵᠠᠮ᠂ 4 ᠲᠡᠮᠦᠷ ᠵᠠᠮ ᠪᠣᠯᠤᠨ 1 | ᠠᠷᠠᠳ ᠤᠨ ᠠᠭᠠᠷ ᠤᠨ ᠲᠡᠭᠡᠭᠡᠪᠦᠷᠢ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠵᠢᠯ ᠤᠨ | ᠳᠣᠲᠣᠷ᠎ᠠ G331 ᠵᠠᠮ ᠤᠨ ᠬᠤᠳᠳᠤᠭ ᠠᠴᠠ ᠰᠠᠶᠢᠨ ᠣᠰᠣᠳᠣ ᠬᠤᠳᠳᠤᠭ ᠬᠦᠷᠬᠦ᠂ G213 ᠳ᠋ᠦᠩ ᠹᠧᠩ | ᠰᠠᠨᠰᠠᠷ ᠤᠨ ᠬᠤᠲᠠ ᠠᠴᠠ ᠠᠷᠪᠠᠨ ᠳᠥᠷᠪᠡᠳᠦᠭᠡᠷ ᠰᠠᠭᠤᠷᠢᠨ ᠬᠦᠷᠲᠡᠯᠡᠬᠢ 4 ᠵᠤᠷᠪᠤᠰ ᠵᠠᠰᠠᠮᠠᠯ ᠵᠠᠮ ᠢ ᠵᠠᠰᠠᠵᠦ᠂ | G627 ᠡᠵᠡᠨ᠎ᠡ ᠬᠤᠰᠢᠭᠤ ᠠᠴᠠ ᠬᠦᠷᠡᠭᠴᠢ ᠬᠡᠬᠦᠦᠳᠣ ᠬᠦᠷᠬᠦ᠂ ᠰᠠᠶᠢᠬᠠᠨᠳᠣᠣᠷᠠᠢ ᠠᠴᠠ ᠴᠡᠭᠡ ᠬᠦᠷᠬᠦ᠂ | G1817 ᠣᠰᠣᠳᠠᠢ ᠠᠴᠠ ᠪᠠᠶᠠᠠᠬᠤᠳᠳᠤᠭ ᠬᠦᠷᠬᠦ 3 ᠵᠤᠷᠪᠤᠰ ᠵᠠᠰᠠᠮᠠᠯ ᠵᠠᠮ ᠢ ᠡᠬᠢᠯᠡᠨ ᠵᠠᠰᠠᠵᠦ᠂ ᠢᠷᠭᠠᠢ ᠠᠴᠠ | ᠪᠠᠶᠠᠠᠬᠤᠳᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠯᠢᠨᠾᠧ ᠠᠴᠠ | ᠬᠠᠮᠢᠯ ᠬᠦᠷᠬᠦ ᠲᠡᠮᠦᠷ ᠵᠠᠮ᠂ ᠦᠬᠠᠶ ᠶᠢᠨ ᠪᠠᠷᠠᠭᠤᠨ ᠠᠴᠠ ᠵᠢᠷᠠᠲᠠᠶ ᠬᠦᠷᠬᠦ ᠲᠡᠮᠦᠷ ᠵᠠᠮ ᠤᠨ ᠴᠢᠳᠠᠮᠵᠢ ᠶᠢ | ᠥᠷᠭᠡᠳᠬᠡᠬᠦ ᠥᠭᠡᠷᠡᠴᠢᠯᠡᠯᠲᠡ ᠶᠢᠨ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠴᠠᠭᠠᠨᠳᠠᠷᠠᠰᠤ ᠠᠴᠠ | ᠪᠠᠶᠠᠨᠬᠤᠲᠠ ᠬᠦᠷᠬᠦ ᠲᠡᠮᠦᠷ ᠵᠠᠮ ᠢ ᠡᠬᠢᠯᠡᠨ ᠪᠦᠲᠦᠭᠡᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠪᠠᠶᠠᠠᠬᠤᠳᠠ | ᠠᠴᠠ ᠳᠡᠷᠡᠰᠦᠨ ᠬᠦᠷᠬᠦ ᠳᠡᠮᠦᠷ ᠵᠠᠮ ᠤᠨ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠳᠣᠷ ᠬᠢᠨ᠎ᠡ︔ | ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠳᠡᠰ ᠳᠡᠪᠰᠢᠬᠦᠯᠬᠦ ᠲᠥᠷᠥᠯ ᠵᠦᠢᠯ ᠢ ᠰᠠᠶᠢᠲᠤᠷ ᠪᠦᠲᠦᠭᠡᠨ | ᠪᠠᠶᠢᠭᠤᠯᠵᠤ᠂ ᠡᠨᠡ ᠵᠢᠯ ᠤᠨ ᠳᠣᠲᠣᠷ᠎ᠠ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠬᠤ ᠪᠠᠷ ᠴᠢᠷᠮᠠᠶᠢᠨ᠎ᠠ᠃ | ᠣᠷᠣᠨ ᠪᠦᠰᠡ ᠶᠢᠨ ᠴᠠᠬᠢᠯᠭᠠᠨ ᠲᠣᠣᠷ ᠤᠨ ᠲᠤᠯᠭᠠᠭᠤᠷᠢᠯᠠᠯ ᠢ ᠴᠢᠩᠭᠠᠳᠬᠠᠵᠤ᠂ ᠬᠤᠯᠠᠳᠠᠬᠢᠨ ᠢ ᠲᠣᠭᠲᠠᠭᠠᠭᠴᠢ | ᠬᠤᠷᠢᠶ᠎ᠠ — ᠬᠠᠶᠢᠨᠠᠨ᠂ ᠵᠣᠰᠠᠯᠠᠩ᠂ ᠷᠠᠰᠢᠶᠠᠨ᠂ ᠡᠩᠬᠡ ᠵᠡᠷᠭᠡ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ 4 ᠢᠨᠵᠧᠨᠧᠷᠢᠩ ᠢ ᠡᠬᠢᠯᠡᠨ ᠪᠠᠶᠢᠭᠤᠯᠵᠤ᠂ ᠨᠢᠭᠡᠳᠦᠭᠡᠷ ᠪᠦᠯᠦᠭ ᠰᠢᠨ᠎ᠡ ᠡᠨᠧᠷᠭᠢ ᠶᠢᠨ ᠲᠣᠣᠷ ᠢ | ᠵᠠᠯᠭᠠᠬᠤ ᠪᠠ ᠬᠤᠳᠠ ᠶᠢᠨ ᠴᠠᠬᠢᠯᠭᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠴᠠᠬᠢᠯᠭᠠᠨ ᠬᠦᠴᠦᠨ ᠤ | ᠲᠦᠷᠦᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠲᠤᠮᠤ ᠰᠠᠭᠤᠷᠢᠨ ᠲᠠᠢ ᠵᠣᠬᠢᠴᠠᠭᠰᠠᠨ | ᠣᠷᠣᠨ ᠪᠦᠰᠡ ᠶᠢᠨ ᠴᠠᠬᠢᠯᠭᠠᠨ ᠲᠣᠣᠷ ᠢ ᠠᠯᠬᠤᠮ ᠠᠯᠬᠤᠮ ᠢᠶᠠᠷ ᠪᠠᠶᠢᠭᠤᠯᠣᠨ᠎ᠠ᠃ | ᠬᠤᠶᠠᠷ ᠲᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠢᠨᠵᠧᠨᠧᠷᠢᠩ ᠰᠢᠨ᠎ᠡ | ᠦᠷ᠎ᠡ ᠪᠦᠲᠦᠭᠡᠯ ᠤᠯᠬᠤ ᠶᠢ ᠠᠬᠢᠭᠤᠯᠣᠨ᠎ᠠ᠃ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ | ᠶᠡᠬᠡᠪᠡᠷ ᠠᠬᠢᠭᠤᠯᠵᠤ᠂ ᠤᠰᠤ ᠶᠢ ᠠᠷᠪᠢᠯᠠᠨ ᠬᠡᠷᠡᠭᠯᠡᠬᠦ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠤᠨ | ᠨᠡᠶᠢᠲᠡᠯᠡᠵᠦ᠂ ᠨᠢᠭᠡ ᠪᠦᠯᠦᠭ ᠤᠰᠤ ᠠᠷᠪᠢᠯᠠᠬᠤ ᠬᠠᠩᠭᠠᠯᠭ᠎ᠠ ᠶᠢ ᠨᠡᠮᠡᠭᠳᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ | ᠤᠰᠤ ᠠᠷᠪᠢᠯᠠᠬᠤ ᠬᠠᠩᠭᠠᠯᠭ᠎ᠠ ᠶᠢ 1000 ᠲᠦᠮᠡ ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ᠲᠠᠷᠢᠶᠠᠯᠠᠩ ᠤᠨ ᠤᠰᠤ ᠠᠷᠪᠢᠯᠠᠬᠤ ᠶᠢ ᠶᠡᠬᠡᠪᠡᠷ ᠠᠬᠢᠭᠤᠯᠵᠤ᠂ ︽ᠲᠠᠪᠤᠨ ᠠᠷᠪᠢᠯᠠᠯᠲᠠ︾ ᠶᠢᠨ ᠠᠷᠭ᠎ᠠ ᠬᠡᠮᠵᠢᠶ᠎ᠡ ᠶᠢ | ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ | ᠨᠡᠮᠡᠭᠳᠡᠭᠦᠯᠬᠦ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ᠂ ᠡᠭᠡᠯᠵᠢᠯᠡᠨ ᠲᠠᠷᠢᠬᠤ | ᠵᠡᠷᠭᠡ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠲᠠᠷᠢᠶᠠᠯᠠᠩ ᠤᠨ ᠤᠰᠤ | ᠠᠷᠪᠢᠯᠠᠬᠤ ᠶᠢ 100 ᠲᠦᠮᠡ ᠠᠴᠠ ᠳᠡᠭᠡᠭᠰᠢ ᠬᠡᠪᠴᠢᠶᠡᠨ ᠳᠤ ᠪᠠᠶᠢᠯᠭᠠᠨ᠎ᠠ᠃ ᠠᠵᠤ ᠦᠢᠯᠡᠳᠪᠦᠷᠢ ᠶᠢᠨ ᠤᠰᠤ | ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠶᠡᠬᠡᠪᠡᠷ ᠠᠬᠢᠭᠤᠯᠵᠤ᠂ ᠵᠦᠩ ᠶᠠᠨ ᠤ | ᠬᠥᠷᠥᠭᠡᠯᠲᠡ ᠶᠢᠨ ᠰᠤᠪᠤᠷᠭ᠎ᠠ ᠶᠢᠨ ᠬᠦᠷᠦᠭᠡᠭᠰᠡᠨ ᠤᠰᠤ ᠶᠢ ᠳᠠᠬᠢᠨ ᠬᠡᠷᠡᠭᠯᠡᠬᠦ ᠥᠭᠡᠷᠡᠴᠢᠯᠡᠯᠲᠡ᠂ ᠶᠢᠨ ᠱᠢ | ᠮᠠᠭᠨᠢ ᠶᠢᠨ ᠦᠢᠯᠡᠰ ᠤᠨ ᠬᠠᠭᠤᠷᠠᠶ ᠬᠡᠣᠷᠡᠰᠢᠬᠦᠯᠬᠦ ᠥᠭᠡᠷᠡᠴᠢᠯᠡᠯᠲᠡ ᠪᠣᠯᠤᠨ ᠬᠦᠷᠢᠶᠡᠯᠡᠩ ᠲᠣᠭᠤᠷᠢᠭ ᠤᠨ | ᠬᠦᠷᠦᠭᠡᠭᠰᠡᠨ ᠤᠰᠤᠨ ᠤ ᠥᠭᠡᠷᠡᠴᠢᠯᠡᠯᠲᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ | ᠤᠰᠤ ᠠᠷᠪᠢᠯᠠᠬᠤ ᠶᠢ 140 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠪᠡᠶᠡᠯᠡᠬᠦᠯᠦᠨ᠎ᠡ᠃ | ᠠᠮᠢᠳᠤᠷᠠᠯ ᠤᠨ ᠤᠰᠤ ᠠᠷᠪᠢᠯᠠᠵᠤ ᠰᠦᠢᠳᠬᠡᠯ ᠢ ᠪᠠᠭᠠᠰᠬᠠᠬᠤ ᠶᠢ ᠶᠡᠬᠡᠪᠡᠷ ᠠᠬᠢᠭᠤᠯᠵᠤ᠂ ᠬᠤᠲᠠ ᠪᠠᠯᠭᠠᠰᠤ ᠶᠢᠨ | ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠲᠣᠤᠷ ᠤᠨ ᠭᠤᠭᠤᠵᠢᠵᠤ ᠡᠪᠳᠡᠷᠡᠭᠰᠡᠨ ᠨᠣᠷᠮ᠎ᠠ ᠶᠢ ᠤᠯᠤᠰ ᠤᠨ | ᠲᠣᠭᠲᠠᠭᠠᠭᠰᠠᠨ ᠪᠠᠷᠢᠮᠵᠢᠶ᠎ᠠ ᠶᠢᠨ ᠳᠣᠲᠣᠷ᠎ᠠ ᠬᠢᠵᠠᠭᠠᠷᠯᠠᠵᠤ᠂ ᠬᠤᠲᠠ ᠪᠠᠯᠭᠠᠰᠤ ᠶᠢᠨ ᠤᠰᠤ ᠠᠷᠪᠢᠯᠠᠬᠤ ᠬᠡᠮᠵᠢᠶ᠎ᠡ ᠶᠢ | 310 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ ᠬᠡᠪ ᠤᠨ ᠪᠤᠰᠤ | ᠤᠰᠤᠨ ᠤ ᠠᠰᠢᠭᠯᠠᠯᠲᠠ ᠶᠢ ᠶᠡᠬᠡᠪᠡᠷ ᠠᠬᠢᠭᠤᠯᠵᠤ᠂ ᠪᠠᠶᠠᠨᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠤᠰᠤ ᠲᠠᠲᠠᠷᠠᠭᠤᠯᠵᠤ ᠦᠶᠡᠷ ᠢ ᠰᠡᠷᠭᠡᠶᠢᠯᠡᠬᠦ | ᠰᠢᠰᠲ᠋ᠧᠮ ᠤᠨ ᠪᠠᠶᠢᠭᠤᠯᠤᠯᠲᠠ ᠪᠠ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ | ᠣᠷᠣᠨ ᠤ ᠪᠣᠷᠣᠭᠠᠨ ᠤ ᠤᠰᠤ ᠶᠢ ᠴᠤᠭᠯᠠᠭᠤᠯᠤᠨ ᠠᠰᠢᠭᠯᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠬᠡᠪ ᠤᠨ | ᠪᠤᠰᠤ ᠤᠰᠤᠨ ᠤ ᠬᠠᠩᠭᠠᠯᠭ᠎ᠠ ᠶᠢ 450 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠨᠡᠮᠡᠭᠳᠡᠬᠦᠯᠦᠨ᠎ᠡ᠃ | ᠡᠭᠦᠨ ᠠᠴᠠ ᠭᠠᠳᠠᠨ᠎ᠠ᠂ ᠬᠠᠲᠤᠨ ᠭᠤᠤᠯ ᠤᠨ ᠬᠤᠶᠠᠳᠤᠭᠠᠷ ᠬᠤᠭᠤᠴᠠᠭᠠᠨ ᠤ ᠠᠶᠢᠮᠠᠭ ᠬᠤᠲᠠ ᠠᠯᠤᠰᠯᠠᠭᠰᠠᠨ | ᠤᠰᠤᠨ ᠤ ᠡᠷᠬᠡ ᠶᠢ ᠰᠢᠯᠵᠢᠭᠦᠯᠦᠨ ᠥᠭᠬᠦ ᠬᠦᠢᠴᠡᠳᠭᠡᠯ ᠲᠤᠭ᠎ᠠ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠣᠯᠵᠤ᠂ | ᠤᠰᠤ ᠠᠪᠴᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠠᠲᠤᠨ ᠭᠤᠤᠯ ᠤᠨ | ᠤᠰᠤᠨ ᠤ ᠬᠦᠢᠴᠡᠳᠭᠡᠯ ᠲᠤᠭ᠎ᠠ ᠶᠢ 500 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ᠃ | ᠳᠥᠷᠪᠡ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ︽ᠨᠢᠭᠡ | ᠴᠤᠭᠴᠠᠵᠢᠭᠤᠯᠬᠤ︾ ᠢᠨᠵᠧᠨᠧᠷᠢᠩ ᠪᠠ ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ | ᠠᠵᠢᠯ ᠢ ᠭᠦᠨᠵᠡᠭᠡᠶ ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ︽ᠦᠷᠭᠦᠯᠵᠢᠯᠡᠨ ᠰᠠᠶᠢᠵᠢᠷᠠᠬᠤ︾ ᠶᠢ | ᠠᠬᠢᠭᠤᠯᠤᠨ᠎ᠠ | ᠨᠢᠬᠡ ᠳᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠣᠨ᠎ᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠷᠭᠡ ᠶᠢ ᠳᠠᠪᠠᠭ᠋ᠣ ᠪᠡᠯᠭᠡ ᠲᠡᠮᠳᠡᠭ ᠤᠨ | ᠴᠢᠨᠠᠷᠲᠠᠢ ᠠᠵᠢᠯ ᠢ ᠰᠠᠶᠢᠲᠤᠷ ᠬᠢᠬᠦ ᠲᠣᠭᠤᠷᠢᠨ ᠳᠤ᠂ ︽ᠵᠠᠬ᠎ᠠ ᠳᠠᠭᠠᠣ᠂ ᠬᠢᠯᠢ ᠳᠠᠭᠠᠤ᠂ ᠵᠠᠮ ᠳᠠᠭᠠᠤ︾ | ᠪᠠᠶᠢᠷᠢᠯᠠᠭᠤᠯᠬᠤ ᠪᠠᠷ ᠭᠤᠣᠯᠳᠠᠯᠭ᠎ᠠ ᠪᠣᠯᠭᠠᠵᠤ᠂ ︽ᠬᠤᠭᠤᠰᠣᠨ ᠣᠷᠣᠨ᠂ ᠲᠠᠰᠤᠯᠳᠠᠯ ᠣᠷᠣᠨ᠂ ᠳᠠᠴᠢᠷᠰᠢᠭᠰᠠᠨ | ᠣᠷᠣᠨ︾ ᠢ ᠰᠡᠷᠭᠡᠶᠢᠯᠡᠬᠦ ᠪᠠᠷ ᠭᠤᠣᠯᠳᠠᠯᠭ᠎ᠠ ᠪᠣᠯᠭᠠᠵᠤ᠂ 30 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠪᠠᠳᠠᠢ ᠶᠢᠨ ᠵᠢᠷᠠᠨ ᠤ ᠡᠯᠡᠰᠦᠨ ᠴᠥᠯ ᠤᠨ ᠬᠦᠪᠡᠭᠡ ᠵᠠᠬ᠎ᠠ ᠶᠢ ᠵᠠᠰᠠᠬᠤ | ᠵᠡᠷᠭᠡ ᠠᠮᠢ ᠠᠬᠤᠢ ᠶᠢᠨ ᠲᠦᠷᠦᠯ ᠵᠦᠢᠯ ᠢ ᠬᠡᠷᠡᠭᠵᠢᠭᠦᠯᠵᠦ᠂ ︽ᠥᠪᠥᠷ ᠮᠣᠩᠭᠤᠯ ᠭᠠᠨᠰᠦ ᠨᠢᠩᠰᠢᠶᠠ︾ ᠶᠢᠨ ᠬᠢᠯᠢ | ᠳᠠᠭᠠᠣ ᠣᠷᠣᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠴᠢᠩᠭᠠᠳᠬᠠᠵᠤ᠂ ᠬᠠᠳᠤᠨ ᠭᠤᠣᠯ ᠤᠨ | ᠳᠣᠬᠤᠢ ᠶᠢᠨ ᠬᠡᠰᠡᠭ ᠤᠨ ᠡᠯᠡᠰᠦᠷᠭᠡᠭᠵᠢᠯ ᠢ ᠰᠡᠷᠭᠡᠶᠢᠯᠡᠬᠦ ᠣᠢ ᠰᠢᠭᠤᠢ ᠡᠪᠡᠰᠦ ᠪᠡᠯᠴᠢᠭᠡᠷ ᠤᠨ ᠪᠦᠰᠡ ᠶᠢ | ᠨᠡᠪᠲᠡᠷᠡᠭᠦᠯᠬᠦ ᠶᠢ ᠬᠠᠮᠵᠢᠯᠴᠠᠨ ᠠᠬᠢᠭᠤᠯᠵᠤ᠂ ᠬᠢᠯᠢ ᠶᠢᠨ ᠳᠣᠲᠣᠷᠠᠬᠢ ᠭᠤᠷᠪᠠᠨ ᠶᠡᠭᠡ ᠡᠯᠡᠰᠦ ᠶᠢ ᠵᠠᠰᠠᠬᠤ ᠤᠢ | ᠰᠢᠭᠤᠢ ᠡᠪᠡᠰᠦ ᠪᠡᠯᠴᠢᠭᠡᠷ ᠤᠨ ᠪᠦᠰᠡ ᠶᠢ ︽ᠨᠡᠶᠢᠯᠡᠭᠦᠯᠬᠦ︾ ᠶᠢ ᠲᠦᠷᠭᠡᠳᠬᠡᠨ ᠠᠬᠢᠭᠤᠯᠣᠨ᠎ᠠ᠃ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠬᠠᠮᠠᠭᠠᠯᠠᠬᠤ ᠶᠢ | ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ 29.6 ᠲᠦᠮᠡᠨ ᠮᠤ᠋ ᠡᠯᠡᠰᠦᠷᠬᠡᠭᠵᠢᠭᠰᠡᠨ | ᠭᠠᠵᠠᠷ ᠢ ᠵᠠᠰᠠᠨ᠎ᠠ᠃ ᠨᠡᠶᠢᠭᠡᠮ ᠤᠨ ᠬᠦᠴᠦᠨ ᠤ ᠣᠷᠣᠯᠴᠠᠬᠤ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠬᠦ᠂ ᠦᠷᠭᠦᠯᠵᠢᠯᠡᠨ ᠬᠠᠮᠢᠶᠠᠷᠤᠨ ᠬᠠᠮᠠᠭᠠᠯᠠᠬᠤ᠂ ᠬᠡᠳᠦᠷᠡᠳᠡᠯ᠎ᠡ ᠪᠡᠯᠴᠢᠭᠡᠷᠯᠡᠭᠦᠯᠬᠦ ᠠᠰᠠᠭᠤᠳᠠᠯ ᠢ | ᠰᠢᠢᠳᠪᠦᠷᠢᠯᠡᠬᠦ ᠵᠡᠷᠭᠡ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠦᠷ᠎ᠡ ᠪᠦᠲᠦᠮᠵᠢ ᠶᠢ | ᠳᠡᠭᠡᠭᠰᠢᠯᠡᠬᠦᠯᠦᠨ᠎ᠡ᠃ | ᠬᠤᠶᠠᠷ ᠲᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠪᠣᠬᠢᠷᠲᠤᠯ ᠢ ᠵᠠᠰᠠᠬᠤ | ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠬᠦᠯᠦᠨ᠎ᠡ᠃ ᠬᠦᠬᠡ ᠣᠭᠲᠠᠷᠭᠤᠢ ᠬᠥᠬᠡᠮᠳᠦᠭ | ᠤᠰᠤ ᠴᠡᠪᠡᠷ ᠬᠥᠷᠥᠰᠥ ᠶᠢ ᠬᠠᠮᠠᠭᠠᠯᠠᠬᠤ ᠠᠵᠢᠯ ᠢᠯᠠᠯᠲᠠ ᠤᠯᠬᠤ ᠲᠣᠭᠤᠷᠢᠨ ᠳᠤ᠂ ᠦᠬᠠᠢ ᠵᠢᠴᠢ ᠡᠷᠬᠢᠨ | ᠲᠣᠭᠤᠷᠢᠨ ᠤ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠢᠴᠢ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠭᠦᠨᠵᠡᠭᠡᠢ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ᠂ ᠠᠭᠤᠷᠬᠠᠢ ᠶᠢᠨ ᠠᠵᠤ ᠠᠬᠤᠶᠢᠯᠠᠯ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠵᠢᠯᠠᠭ᠎ᠠ | ᠨᠠᠭᠤᠷ ᠵᠡᠷᠭᠡ ᠬᠦᠷᠢᠶᠡᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ | ᠵᠠᠰᠠᠬᠤ 44 ᠲᠦᠷᠦᠯ ᠵᠦᠢᠯ ᠢ ᠭᠡᠷᠡᠭᠵᠢᠬᠦᠯᠦᠨ᠎ᠡ᠃ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠰᠠᠨᠠᠯ᠂ ᠬᠠᠳᠤᠨ | ᠭᠤᠣᠯ ᠤᠨ ᠰᠠᠪᠠ ᠭᠠᠵᠠᠷ ᠤᠨ ᠲᠤᠰᠬᠠᠢ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠨ᠎ᠠ᠃ ᠪᠣᠬᠢᠷᠲᠤᠯ ᠥᠬᠡᠶ | ᠠᠭᠤᠷᠬᠠᠶ᠂ ᠪᠣᠬᠢᠷᠲᠤᠯ ᠥᠬᠡᠶ ᠦᠢᠯᠡᠳᠪᠦᠷᠢ ᠪᠠ ᠳᠤᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠴᠡᠪᠡᠷ ᠡᠨᠧᠷᠭᠢ ᠶᠢ ᠰᠢᠩᠭᠡᠭᠡᠨ | ᠠᠪᠴᠤ ᠳᠡᠬᠦᠨ ᠢᠶᠠᠷ ᠣᠷᠣᠯᠠᠭᠤᠯᠬᠤ ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠬᠦᠯᠵᠦ᠂ ᠶᠡᠭᠡ ᠬᠡᠮᠵᠢᠶᠡᠨ ᠤ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠬᠠᠶᠠᠭᠳᠠᠮᠠᠯ ᠪᠣᠳᠠᠰ ᠢ ᠳᠠᠪᠳᠠᠨ ᠠᠰᠢᠭᠯᠠᠬᠤ ᠶᠢ ᠴᠢᠩᠭᠠᠳᠬᠠᠵᠤ᠂ ᠠᠵᠤ ᠦᠢᠯᠡᠰ ᠤᠨ ᠪᠣᠬᠢᠷᠲᠤᠯ ᠥᠬᠡᠶ ᠳᠤᠤᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠣᠨ᠎ᠠ᠃ | ᠲᠠᠪᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠭᠡ ᠶᠢ ᠳᠠᠪᠠᠭ᠋ᠣ᠂ ᠨᠡᠭᠡᠭᠡᠯᠲᠡ ᠬᠢᠵᠦ | ᠬᠠᠮᠲᠤᠷᠠᠯᠴᠠᠬᠤ ᠢᠨᠵᠧᠨᠧᠷᠢᠩ ᠪᠠ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ | ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠎ᠡ | ᠨᠢᠭᠡ ᠳᠤ᠂ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠭᠡ ᠶᠢ ᠳᠠᠪᠠᠭ᠋ᠣ ᠶᠢ ᠳᠦᠷᠭᠡᠳᠬᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ | ᠵᠣᠷᠢᠭᠵᠢᠭᠤᠯᠤᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠶ | ᠠᠭᠤᠰᠤᠯᠴᠠᠯ ᠢ ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠲᠡᠮᠡᠭᠡᠨ ᠤ | ᠠᠵᠤ ᠦᠢᠯᠡᠰ᠂ ᠠᠮᠢ ᠠᠬᠤᠶ ᠡᠯᠡᠰᠦᠨ ᠤ ᠠᠵᠤ ᠦᠢᠯᠡᠰ᠂ ᠳᠤᠤᠷ᠎ᠠ ᠠᠭᠠᠷ ᠤᠨ ᠠᠵᠤ ᠠᠬᠤᠶ ᠵᠡᠷᠭᠡ | ᠬᠦᠷᠢᠶᠡᠨ ᠳᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠵᠠᠩᠭᠢᠯᠠᠭ᠎ᠠ ᠶᠢᠨ ᠮᠡᠷᠭᠡᠵᠢᠯ ᠢ ᠳᠠᠪᠠᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠶᠢ ᠬᠦᠴᠦᠯᠡᠨ ᠠᠬᠢᠭᠤᠯᠵᠤ᠂ ᠨᠠᠩ ᠣᠯᠠᠨ ᠪᠡᠷᠭᠡ ᠶᠢ | ᠳᠠᠪᠠᠭ᠋ᠣ ᠲᠥᠷᠥᠯ ᠵᠦᠢᠯ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠣᠨ᠎ᠠ᠃ ︽1+N︾ ᠴᠢᠳᠠᠪᠤᠷᠢᠲᠠᠨ ᠤ | ᠲᠥᠷᠥ ᠶᠢᠨ ᠪᠣᠳᠣᠯᠭ᠎ᠠ ᠶᠢᠨ ᠳᠣᠭᠳᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ︽3+X︾ | ᠴᠢᠳᠠᠪᠤᠷᠢᠲᠠᠨ ᠢ ᠨᠠᠷᠢᠯᠢᠭ ᠣᠨᠣᠪᠴᠢᠳᠠᠢ ᠪᠠᠷ ᠣᠷᠣᠭᠤᠯᠤᠨ ᠠᠪᠴᠢᠷᠠᠬᠤ ᠲᠣᠭᠲᠠᠴᠠ ᠶᠢ ᠪᠦᠷᠢᠨᠰᠢᠬᠦᠯᠦᠨ᠂ ︽ | ᠠᠯᠠᠱᠠ ᠳᠤ ᠴᠢᠳᠠᠪᠤᠷᠢᠲᠠᠨ ᠢ ᠲᠥᠪᠯᠡᠷᠡᠭᠦᠯᠦᠨ ᠴᠤᠭᠯᠠᠭᠤᠯᠬᠤ︾ ᠣᠷᠢᠨ ᠲᠠᠨᠢᠯᠴᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠤᠷᠢᠳᠴᠢᠯᠠᠨ ᠪᠣᠯᠵᠣᠬᠤ᠂ ᠰᠢᠯᠭᠠᠨ ᠠᠪᠬᠤ᠂ ᠲᠤᠰᠬᠠᠶ ᠳᠦᠷᠦᠯ ᠢᠶᠠᠷ ᠣᠷᠢᠬᠤ᠂ | ᠠᠮᠢᠳᠣᠯᠢᠭ ᠢᠶᠠᠷ ᠣᠷᠣᠭᠤᠯᠣᠨ ᠠᠪᠴᠢᠷᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠦᠢᠯᠡᠴᠢᠯᠡᠭᠡ ᠪᠠ | ᠬᠠᠷᠠᠭᠠᠯᠵᠠᠯ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠥᠷᠥᠯ ᠤᠨ ᠴᠢᠳᠠᠪᠤᠷᠢᠲᠠᠨ ᠢ | ᠦᠨᠡᠨ ᠬᠦ ᠣᠷᠢᠨ ᠵᠠᠯᠠᠵᠦ᠂ ᠦᠯᠡᠳᠡᠭᠡᠵᠦ᠂ ᠬᠦᠭᠵᠢᠬᠦᠯᠦᠨ᠎ᠡ᠃ | ᠬᠤᠶᠠᠷ ᠲᠤ᠂ ᠨᠡᠭᠡᠭᠡᠯᠳᠡ ᠲᠠᠢ ᠪᠠᠶᠢᠵᠦ ᠬᠠᠮᠳᠣᠷᠠᠯᠴᠠᠬᠤ ᠳᠤ ᠴᠢᠳᠠᠪᠤᠷᠢ ᠣᠯᠭᠤᠬᠤ ᠶᠢ ᠴᠢᠩᠭᠠᠳᠬᠠᠨ᠎ᠠ᠃ | ᠭᠠᠳᠠᠭᠰᠢ ᠨᠡᠭᠡᠭᠡᠯᠲᠡ ᠬᠢᠬᠦ ᠶᠢ ᠤᠯᠠᠮ ᠨᠢᠭᠡ ᠠᠯᠬᠤᠮ ᠦᠷᠭᠡᠳᠭᠡᠵᠦ᠂ ︽ᠣᠷᠤᠵᠤ ᠭᠠᠷᠬᠤ︾ ᠬᠤᠶᠠᠷ ᠳᠠᠯ᠎ᠠ ᠳᠤ | ᠬᠦᠴᠦᠯᠡᠵᠦ᠂ ᠴᠡᠭᠡ ᠪᠤᠭᠤᠮᠲᠠ ᠶᠢᠨ ᠪᠠᠷᠠᠭ᠎ᠠ ᠦᠩᠭᠡᠷᠡᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ᠂ ᠠᠷᠠᠯᠵᠢᠶ᠎ᠠ ᠶᠢᠨ | ᠪᠦᠲᠦᠴᠡ ᠶᠢ ᠰᠢᠯᠢᠳᠡᠭᠵᠢᠭᠦᠯᠬᠦ᠂ ᠪᠣᠲᠠᠲᠠᠶᠢᠵᠢᠭᠤᠯᠤᠨ ᠣᠯᠠᠷᠢᠭᠤᠯᠬᠤ ᠶᠢ ᠴᠢᠩᠭᠠᠷᠠᠭᠤᠯᠬᠤ ᠶᠢ ᠠᠬᠢᠭᠤᠯᠵᠤ᠂ | ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠮᠠᠰᠢᠨ ᠪᠠ ᠲᠠᠷᠢᠶᠠᠯᠠᠩ ᠤᠨ ᠪᠦᠲᠦᠭᠡᠭᠳᠡᠭᠦᠨ ᠵᠡᠷᠭᠡ ᠶᠢ ᠭᠠᠳᠠᠭᠠᠲᠤ ᠳᠤ | ᠭᠠᠷᠭᠠᠬᠤ ᠶᠢ ᠲᠦᠷᠭᠡᠳᠭᠡᠨ ᠬᠥᠭᠵᠢᠭᠦᠯᠵᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠶᠢᠨ ᠰᠢᠨᠡᠴᠢᠯᠡᠨ | ᠬᠦᠭᠵᠢᠬᠦ ᠶᠢ ᠠᠬᠢᠭᠤᠯᠤᠨ᠂ ᠮᠣᠩᠭᠤᠯ ᠳᠤ ᠬᠠᠨᠳᠣᠭᠰᠠᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠲᠠᠯ᠎ᠠ ᠪᠠᠷ ᠬᠦᠴᠦ ᠣᠷᠤᠭᠤᠯᠤᠨ᠂ ᠬᠢᠯᠢ ᠠᠯᠤᠰᠯᠠᠨ ᠴᠠᠬᠢᠯᠭᠠᠨ ᠬᠠᠩᠭᠠᠬᠤ ᠲᠦᠷᠦᠯ ᠵᠦᠢᠯ ᠢ ᠠᠬᠢᠭᠤᠯᠵᠤ᠂ | ᠪᠠᠷᠠᠭ᠎ᠠ ᠳᠠᠮᠵᠢᠭᠤᠯᠬᠤ ᠬᠡᠮᠵᠢᠶ᠎ᠡ ᠶᠢ 2600 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠂ ᠭᠠᠳᠠᠭᠠᠳᠤ | ᠠᠷᠠᠯᠵᠢᠶ᠎ᠠ ᠶᠢᠨ ᠬᠡᠮᠵᠢᠶ᠎ᠡ ᠶᠢ 6% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠥᠯᠵᠡᠶ ᠪᠣᠭᠤᠮᠲᠠ ᠨᠡᠪᠳᠡᠷᠡᠬᠦ | ᠨᠥᠬᠦᠴᠡᠯ ᠳᠤ ᠬᠥᠷᠬᠦ ᠶᠢ ᠬᠦᠴᠦᠯᠡᠨ ᠠᠬᠢᠭᠤᠯᠣᠨ᠎ᠠ᠃ ᠣᠷᠣᠨ ᠤ ᠭᠠᠳᠠᠨᠠᠬᠢ ︽ᠨᠠᠶᠢᠵᠠ ᠶᠢᠨ ᠬᠦᠷᠢᠶ᠎ᠡ︾ ᠶᠢ | ᠤᠯᠠᠮ ᠨᠢᠭᠡ ᠠᠯᠬᠤᠮ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶ ᠠᠬᠢᠭᠤᠯᠵᠤ᠂ | ᠥᠪᠥᠷ ᠮᠣᠩᠭᠤᠯ ᠨᠢᠩᠰᠢᠶᠠ ᠶᠢᠨ ᠡᠨᠧᠷᠭᠢ ᠶᠢᠨ ᠬᠠᠮᠲᠤᠷᠠᠯᠴᠠᠭ᠎ᠠ᠂ ᠹᠦᠵᠧᠦ ᠵᠡᠷᠭᠡ ᠨᠥᠬᠦᠷᠰᠡᠭ ᠭᠠᠵᠠᠷ | ᠣᠷᠣᠨ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠢ ᠭᠦᠨᠵᠡᠭᠡᠢ | ᠨᠠᠶᠢᠳᠠᠪᠤᠷᠢᠵᠢᠭᠤᠯᠵᠤ᠂ ᠨᠡᠩ ᠤᠯᠠᠨ ᠬᠥᠷᠰᠢ ᠵᠡᠷᠭᠡᠯᠡᠳᠡᠭᠡ ᠭᠠᠵᠠᠷ ᠣᠷᠣᠨ᠂ ᠠᠵᠤ ᠦᠢᠯᠡᠰ ᠠᠳᠠᠯᠢᠪᠲᠤᠷ ᠭᠠᠵᠠᠷ | ᠣᠷᠣᠨ ᠪᠣᠯᠤᠨ ᠬᠥᠭᠵᠢᠭᠰᠡᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠲᠦᠷᠦᠯ ᠵᠦᠢᠯ ᠢ ᠲᠠᠲᠠᠬᠤ᠂ ᠠᠮᠢ ᠠᠬᠤᠢ ᠶᠢ ᠵᠠᠰᠠᠬᠤ᠂ ᠰᠠᠭᠤᠷᠢ ᠲᠥᠬᠦᠭᠡᠷᠦᠮᠵᠢ᠂ ᠴᠢᠳᠠᠪᠤᠷᠢᠲᠠᠨ ᠰᠢᠨᠵᠢᠯᠡᠬᠦ | ᠤᠬᠠᠭᠠᠨ ᠮᠡᠷᠭᠡᠵᠢᠯ᠂ ᠨᠡᠶᠢᠭᠡᠮ ᠤᠨ ᠦᠢᠯᠡᠰ ᠵᠡᠷᠭᠡ ᠲᠠᠯ᠎ᠠ ᠪᠠᠷ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ | ᠤᠯᠬᠤ ᠪᠠᠷ ᠴᠢᠷᠮᠠᠶᠢᠨ᠎ᠠ᠃ ᠠᠬ᠎ᠠ ᠳᠡᠭᠦᠤ ᠠᠶᠢᠮᠠᠭ ᠬᠤᠲᠠ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ | ᠠᠯᠬᠤᠮ ᠨᠢᠭᠲᠠᠷᠠᠭᠤᠯᠵᠤ᠂ ᠦᠬᠠᠶ ᠯᠤᠭ᠎ᠠ ᠶᠢᠨ ᠬᠠᠮᠲᠤᠷᠠᠨ ᠬᠥᠭᠵᠢᠬᠦ ᠲᠥᠷᠥᠯ ᠵᠦᠢᠯ ᠢ ᠬᠠᠮᠵᠢᠨ | ᠨᠠᠶᠢᠳᠠᠪᠤᠷᠢᠵᠢᠭᠤᠯᠵᠤ᠂ ᠬᠥᠬᠡᠬᠤᠲᠠ᠂ ᠪᠤᠭᠤᠲᠤ᠂ ᠣᠷᠳᠣᠰ᠂ ᠪᠠᠶᠠᠨᠨᠠᠭᠤᠷ᠂ ᠤᠯᠠᠭᠠᠨᠴᠠᠪ ᠵᠡᠷᠭᠡ ᠠᠶᠢᠮᠠᠭ | ᠬᠤᠲᠠ ᠯᠤᠭ᠎ᠠ ᠬᠤᠳᠠᠯᠳᠤᠭᠠᠨ ᠤ ᠵᠣᠷᠢᠭᠤᠯᠣᠯᠳᠠ ᠪᠦᠬᠦᠢ ᠰᠠᠨᠰᠠᠷ ᠠᠶᠠᠯᠠᠯ᠂ ᠴᠡᠪᠡᠷ ᠡᠨᠧᠷᠭᠢ ᠶᠢ ᠰᠢᠩᠭᠡᠭᠡᠨ ᠠᠪᠬᠤ | ᠂ ᠠᠵᠤ ᠦᠢᠯᠡᠰ ᠤᠨ ᠲᠠᠰ ᠳᠡᠪᠰᠢᠬᠦ᠂ ᠡᠬᠢ ᠪᠠᠶᠠᠯᠢᠭ ᠤᠨ ᠬᠦᠴᠦᠨ ᠵᠦᠢᠯ ᠵᠡᠷᠭᠡ ᠬᠦᠷᠢᠶᠡᠨ ᠳᠤ ᠨᠠᠩ ᠣᠯᠠᠨ | ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠬᠦᠴᠦᠯᠡᠨ ᠠᠬᠢᠭᠤᠯᠣᠨ᠎ᠠ᠃ | ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃ ᠠᠶᠢᠮᠠᠭ ᠤᠨ | ᠨᠠᠮ ᠤᠨ ᠬᠤᠷᠢᠶᠠᠨ ᠤ ᠲᠣᠭᠲᠠᠭᠠᠭᠰᠠᠨ 150 ᠵᠦᠢᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠣᠷᠢᠵᠢᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ | ᠵᠣᠬᠢᠴᠠᠭᠰᠠᠨ ᠠᠵᠤ ᠠᠬᠤᠶ ᠶᠢᠨ ᠪᠠᠶᠢᠷᠢᠰᠢᠭᠤᠯᠤᠯᠲᠠ ᠶᠢ ᠲᠦᠷᠬᠡᠨ ᠪᠠᠶᠢᠭᠤᠯᠵᠤ᠂ ︽ᠲᠠᠪᠤᠨ ᠶᠡᠭᠡ ᠡᠭᠦᠷᠭᠡ︾ ᠶᠢᠨ | ᠠᠵᠢᠯ ᠤᠨ ᠳᠣᠭᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠬᠢ ᠪᠠᠶᠠᠯᠢᠭ ᠣᠷᠴᠢᠨ ᠲᠣᠭᠤᠷᠢᠨ ᠤ | ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠢ ᠠᠬᠢᠭᠤᠯᠵᠤ᠂ ᠥᠭᠡᠷᠡᠴᠢᠯᠡᠯᠲᠡ ᠶᠢᠨ ᠠᠷᠭ᠎ᠠ ᠪᠠᠷ | ᠨᠢᠭᠡ ᠵᠢᠱᠢᠶ᠎ᠡ ᠦᠵᠡᠭᠦᠯᠬᠦ ᠠᠶᠢᠮᠠᠭ᠂ ᠲᠠᠪᠤᠨ ᠶᠡᠭᠡ ᠰᠠᠭᠤᠷᠢᠨ᠂ ᠲᠤᠯᠤᠭᠠᠨ ᠶᠡᠭᠡ ᠢᠨᠵᠧᠨᠧᠷᠢᠩ ᠳᠤ ᠨᠠᠩ ᠣᠯᠠᠨ | ᠦᠷ᠎ᠡ ᠪᠦᠲᠦᠭᠡᠯ ᠭᠠᠷᠭᠠᠬᠤ ᠶᠢ ᠠᠬᠢᠭᠤᠯᠣᠨ᠎ᠠ᠃ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠶᠢᠨ | ᠡᠭᠦᠷᠭᠡ ᠶᠢ ᠲᠥᠯᠥᠪᠵᠢᠭᠦᠯᠦᠨ ᠬᠡᠷᠡᠭᠵᠢᠭᠦᠯᠵᠦ᠂ ︽ᠣᠷᠣᠨ ᠪᠦᠰᠡ ᠶᠢᠨ ᠴᠡᠪᠡᠷ ᠡᠨᠧᠷᠭᠢ ᠶᠢ ᠰᠢᠩᠭᠡᠭᠡᠬᠦ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠪᠠᠶᠠᠨᠬᠤᠲᠠ ᠶᠢᠨ ᠬᠤᠲᠠ ᠪᠠᠯᠭᠠᠰᠤᠨ ᠤ ᠬᠠᠮᠢᠶᠠᠷᠤᠯᠲᠠ ᠶᠢᠨ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠬᠦ᠂ ᠨᠡᠭᠦᠷᠡᠰᠦᠨ ᠤ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠯᠡᠭᠦᠯᠬᠦ ᠶᠢ ᠠᠬᠢᠭᠤᠯᠬᠤ | ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ᠂ ᠲᠠᠪᠴᠠᠩ ᠤᠨ | ᠬᠡᠯᠪᠡᠷᠢ ᠶᠢᠨ ᠡᠮᠨᠡᠯᠭᠡ ᠶᠢᠨ ᠬᠤᠷᠢᠶ᠎ᠠ᠂ ᠰᠢᠨ᠎ᠡ ᠲᠥᠰᠦᠪ ᠢ ᠪᠠᠶᠢᠭᠤᠯᠬᠤ︾ ᠵᠡᠷᠭᠡ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠨᠢ ᠪᠣᠳᠠᠲᠠᠶ ᠦᠷ᠎ᠡ ᠪᠦᠲᠦᠮᠵᠢ ᠤᠯᠬᠤ ᠶᠢ ᠣᠷᠢᠳᠴᠢᠯᠠᠨ ᠠᠬᠢᠭᠤᠯᠣᠨ᠎ᠠ᠃ | ᠵᠢᠷᠭᠤᠭ᠎ᠠ᠂ ᠬᠤᠲᠠ ᠬᠥᠳᠡᠭᠡ ᠶᠢᠨ ᠣᠯᠠᠨ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠬᠦᠯᠬᠦ᠂ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠪᠠ ︽ᠰᠡᠳᠬᠢᠯ ᠢ ᠳᠤᠯᠠᠭᠠᠴᠠᠭᠤᠯᠬᠤ ᠢᠨᠵᠧᠨᠧᠷᠢᠩ︾ ᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠵᠢᠱᠢᠶ᠎ᠡ ᠦᠵᠡᠭᠦᠯᠬᠦ ᠠᠶᠢᠮᠠᠭ ᠤᠨ ᠪᠠᠶᠢᠭᠤᠯᠤᠯᠲᠠ ᠶᠢ ︽ᠴᠢᠨᠠᠷ ᠲᠠᠢ ᠲᠥᠷᠥᠭᠳᠡᠯ ᠲᠠᠢ︾ ᠪᠠᠶᠢᠬᠤ ᠶᠢ | ᠠᠬᠢᠭᠤᠯᠤᠨ᠎ᠠ | ᠨᠢᠭᠡ ᠳᠤ᠂ ᠵᠢᠱᠢᠶ᠎ᠡ ᠦᠵᠡᠭᠦᠯᠬᠦ ᠠᠶᠢᠮᠠᠭ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠣᠨ᠎ᠠ᠃ | ᠭᠤᠣᠯ ᠰᠢᠵᠢᠮ ᠤᠨ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠪᠣᠯᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠬᠦ ᠶᠠᠪᠤᠴᠠ ᠳᠤ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠤᠬᠠᠭᠤᠯᠭ᠎ᠠ ᠬᠥᠮᠦᠵᠢᠯ ᠢ ᠪᠣᠳᠠᠲᠠᠢ ᠪᠥᠭᠡᠳ ᠲᠦᠷᠦᠭᠳᠡᠯ ᠲᠠᠢ ᠪᠦᠲᠦᠮᠵᠢᠲᠡᠢ ᠥᠷᠨᠢᠭᠦᠯᠵᠦ᠂ | ᠨᠡᠶᠢᠭᠡᠮ ᠤᠨ ᠡᠯ᠎ᠡ ᠠᠵᠢᠯ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠵᠦ᠂ ᠨᠡᠩ ᠶᠡᠭᠡ ᠡᠷᠴᠢᠮ ᠢᠶᠠᠷ | ᠦᠢᠯᠡᠴᠢᠯᠡᠭᠡ ᠪᠠᠲᠤᠯᠠᠭ᠎ᠠ ᠬᠠᠩᠭᠠᠵᠤ᠂ ᠬᠤᠶᠠᠷ ᠶᠡᠭᠡ ᠴᠡᠷᠢᠭ ᠤᠨ ᠶᠠᠪᠤᠳᠠᠯ ᠤᠨ ᠰᠠᠭᠤᠷᠢᠨ ᠢ ᠬᠦᠴᠦᠯᠡᠨ | ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠠᠵᠢᠯ ᠤᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠠᠷᠭ᠎ᠠ | ᠪᠦᠬᠦᠨ ᠢ ᠰᠦᠪᠡᠭᠴᠢᠯᠡᠨ ᠠᠷᠠᠳ ᠤᠯᠠᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ | ᠬᠦᠷᠳᠡᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ ᠴᠣᠭᠴᠠᠯᠠᠬᠤ | ᠵᠢᠱᠢᠶ᠎ᠡ ᠦᠵᠡᠭᠦᠯᠬᠦ ᠠᠶᠢᠮᠠᠭ ᠢ ᠬᠠᠮᠲᠤᠪᠠᠷ ᠪᠠᠶᠢᠭᠤᠯᠣᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠰᠤᠳᠤᠯᠤᠨ ᠲᠠᠶᠢᠯᠪᠤᠷᠢᠯᠠᠬᠤ᠂ ᠤᠬᠠᠭᠤᠯᠤᠨ ᠳᠡᠯᠭᠡᠨ | ᠦᠵᠡᠭᠦᠯᠬᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ᠂ ᠲᠣᠭᠲᠠᠴᠠ ᠶᠢ ᠪᠠᠶᠢᠭᠤᠯᠬᠤ ᠵᠡᠷᠭᠡ ᠭᠤᠤᠯᠳᠠᠯᠭ᠎ᠠ ᠶᠢᠨ | ᠲᠣᠭᠤᠷᠢᠨ ᠳᠤ ᠬᠦᠴᠦᠯᠡᠨ ᠴᠢᠷᠮᠠᠶᠢᠵᠦ᠂ ᠲᠡᠤᠬᠡ ᠶᠢᠨ ᠳᠤᠷᠠᠰᠬᠠᠯᠲᠤ ᠵᠦᠢᠯᠡᠰ᠂ ᠪᠣᠳᠠᠰ ᠤᠨ ᠪᠤᠰᠤ ᠰᠣᠶᠣᠯ ᠤᠨ | ᠥᠪ ᠵᠡᠷᠭᠡ ᠰᠣᠶᠣᠯ ᠤᠨ ᠥᠪ ᠢ ᠬᠠᠮᠠᠭᠠᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠶᠢ ᠦᠨᠡᠨᠬᠦ ᠴᠢᠩᠭᠠᠳᠬᠠᠵᠤ᠂ | ᠤᠯᠠᠭᠠᠨᠮᠥ᠋ᠴᠢᠷ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠨᠢᠭᠡ ᠪᠦᠯᠦᠭ | ᠣᠨᠴᠠᠯᠢᠭᠲᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠰᠣᠳᠣᠨ ᠤᠳᠬ᠎ᠠ ᠤᠷᠠᠯᠢᠭ ᠤᠨ ᠪᠦᠲᠦᠭᠡᠯ᠂ | ᠣᠷᠣᠨ ᠪᠦᠰᠡ ᠶᠢᠨ ᠰᠣᠶᠣᠯ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ | ᠬᠤᠶᠠᠷ ᠲᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠦᠷᠨᠢᠬᠦᠯᠦᠨ᠎ᠡ᠃ ᠠᠵᠢᠯ | ᠣᠯᠭᠤᠬᠤ ᠠᠷᠭ᠎ᠠ ᠵᠠᠮ ᠢ ᠶᠡᠬᠡᠪᠡᠷ ᠥᠷᠭᠡᠳᠬᠡᠵᠦ᠂ ᠨᠡᠩ ᠤᠯᠠᠨ ᠠᠵᠤ ᠠᠬᠤᠶᠢᠯᠠᠯ ᠪᠠ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠪᠤᠶᠢᠵᠢᠭᠤᠯᠤᠨ᠂ ᠠᠵᠤ ᠠᠬᠤᠶᠢᠯᠠᠯ ᠤᠨ ᠲᠤᠰ ᠭᠠᠵᠠᠷ | ᠣᠷᠣᠨ ᠤ ᠪᠠᠨ ᠠᠵᠢᠯ ᠣᠯᠭᠤᠯᠲᠠ ᠶᠢ ᠰᠢᠩᠭᠡᠭᠡᠨ ᠠᠪᠬᠤ ᠶᠢ ᠳᠡᠮᠵᠢᠨ ᠵᠣᠷᠢᠭᠵᠢᠭᠤᠯᠬᠤ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠨᠡᠩ ᠤᠯᠠᠨ | ᠠᠵᠢᠯ ᠤᠨ ᠪᠠᠶᠢᠷᠢ ᠬᠠᠩᠭᠠᠬᠤ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ | ᠲᠠᠷᠢᠶᠠᠴᠢᠨ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ | ᠵᠡᠷᠭᠡ ᠭᠤᠣᠯᠳᠠᠯᠭ᠎ᠠ ᠲᠠᠢ ᠬᠥᠮᠦᠰ ᠲᠤ ᠭᠦᠢᠴᠡᠳ ᠠᠵᠢᠯ ᠣᠯᠭᠤᠬᠤ ᠶᠢ ᠠᠬᠢᠭᠤᠯᠣᠨ᠎ᠠ᠃ ᠵᠠᠬ᠎ᠠ ᠳᠡᠯᠭᠡᠭᠦᠷ ᠤᠨ | ᠬᠡᠷᠡᠭᠴᠡᠭᠡ ᠳᠤ ᠵᠣᠬᠢᠴᠠᠭᠤᠯᠤᠨ ᠴᠢᠳᠠᠪᠤᠷᠢᠲᠠᠨ ᠢ ᠬᠥᠮᠦᠵᠢᠭᠦᠯᠵᠦ᠂ ᠠᠯᠠᠱᠠ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠨ ᠰᠢᠨᠵᠢᠯᠡᠭᠡᠨ ᠤ ᠰᠠᠯᠠᠭ᠎ᠠ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠭᠤᠣᠯᠳᠠᠭᠤ ᠤᠳᠤ ᠦᠶ᠎ᠡ ᠶᠢᠨ | ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ᠂ ᠳᠣᠣᠷ᠎ᠠ ᠠᠭᠠᠷ ᠤᠨ ᠠᠵᠤ ᠠᠬᠤᠢ | ᠵᠡᠷᠭᠡ ᠬᠦᠷᠢᠶᠡᠨ ᠳᠤ ᠨᠢᠭᠡ ᠪᠦᠯᠦᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠬᠦᠯᠦᠨ᠎ᠡ᠃ ᠠᠵᠢᠯ | ᠣᠯᠭᠤᠯᠲᠠ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠵᠦ᠂ ᠲᠦᠷᠦ ᠶᠢᠨ ᠪᠤᠳᠤᠯᠭ᠎ᠠ ᠶᠢᠨ ᠲᠣᠭᠲᠠᠴᠠ᠂ ᠪᠡᠯᠡ | ᠮᠥᠩᠭᠦ ᠶᠢᠨ ᠣᠷᠣᠭᠤᠯᠤᠯᠲᠠ᠂ ᠲᠠᠪᠴᠠᠩ ᠪᠠᠶᠢᠭᠤᠯᠬᠤ᠂ ᠬᠥᠮᠦᠵᠢᠯ ᠪᠣᠯᠪᠠᠰᠤᠷᠠᠯ ᠵᠡᠷᠭᠡ ᠲᠠᠯ᠎ᠠ ᠪᠠᠷ ᠬᠠᠩᠭᠠᠯᠭ᠎ᠠ ᠶᠢ | ᠰᠢᠯᠢᠳᠡᠭᠵᠢᠭᠦᠯᠵᠦ᠂ ︽ᠬᠥᠮᠦᠨ ᠪᠠᠶᠢᠭᠠᠳ ᠬᠢᠬᠦ ᠠᠵᠢᠯ ᠦᠭᠡᠢ︾ ᠪᠠ ︽ᠠᠵᠢᠯ ᠪᠠᠶᠢᠭᠠᠳ ᠬᠢᠬᠦ ᠬᠥᠮᠦᠨ ᠦᠭᠡᠢ︾ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ 2025 ᠣᠨ ᠳᠤ᠂ ᠪᠦᠬᠦ ᠠᠶᠢᠮᠠᠭ ᠤᠨ ᠬᠤᠲᠠ ᠪᠠᠯᠭᠠᠰᠤᠨ ᠳᠤ | 2500 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠳᠤ 3000 ᠬᠥᠮᠦᠨ ᠳᠤ | ᠰᠢᠯᠵᠢᠭᠦᠯᠦᠨ ᠠᠵᠢᠯ ᠣᠯᠭᠤᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠬᠤ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ | ᠪᠡᠶ᠎ᠡ ᠪᠠᠨ ᠳᠠᠭᠠᠭᠠᠵᠤ ᠠᠵᠢᠯ ᠣᠯᠵᠤ ᠦᠢᠯᠡᠰ ᠪᠤᠰᠬᠠᠬᠤ ᠶᠢ ᠵᠣᠷᠢᠭᠵᠢᠭᠤᠯᠬᠤ᠂ ᠠᠷᠠᠳ ᠢ ᠪᠠᠶᠠᠵᠢᠭᠤᠯᠬᠤ ᠠᠵᠤ | ᠦᠢᠯᠡᠰ ᠢ ᠪᠤᠶᠢᠵᠢᠭᠤᠯᠤᠨ ᠬᠥᠭᠵᠢᠭᠦᠯᠬᠦ᠂ ᠬᠤᠳᠠ ᠪᠠᠯᠭᠠᠰᠤᠨ ᠤ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠬᠦ᠂ | ᠦᠨᠳᠦᠰᠦᠨ ᠵᠦᠢᠯ ᠢ ᠪᠠᠲᠤᠯᠠᠨ ᠬᠠᠪᠰᠤᠷᠤᠨ ᠲᠡᠳᠬᠦᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠪᠦᠲᠦᠴᠡ ᠶᠢ ᠲᠠᠰᠤᠷᠠᠯᠳᠠ ᠦᠭᠡᠢ | ᠰᠢᠯᠢᠳᠡᠭᠵᠢᠭᠦᠯᠵᠦ᠂ ᠴᠠᠯᠢᠩ ᠤᠨ ᠴᠢᠨᠠᠷᠲᠠᠢ᠂ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠬᠦᠯᠦᠨ᠎ᠡ᠃ | ᠭᠤᠷᠪᠠ ᠳᠤ᠂ ︽ᠰᠡᠳᠬᠢᠯ ᠢ ᠳᠤᠯᠠᠭᠠᠴᠠᠭᠤᠯᠬᠤ ᠢᠨᠵᠧᠨᠧᠷᠢᠩ︾ ᠢ ᠰᠡᠳᠬᠢᠯ ᠲᠠᠯᠪᠢᠨ ᠠᠬᠢᠭᠤᠯᠣᠨ᠎ᠠ᠃ | ᠪᠦᠯᠦᠭᠵᠢᠭᠦᠯᠦᠨ ᠰᠤᠷᠭᠠᠭᠤᠯᠢ ᠡᠷᠭᠢᠯᠡᠬᠦ ᠵᠠᠭᠪᠤᠷ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠵᠠᠮᠴᠢᠯᠠᠭᠴᠢ | ᠰᠤᠷᠭᠠᠭᠤᠯᠢ ᠶᠢᠨ ᠵᠠᠬᠢᠷᠤᠯ︾᠂ ︽ᠰᠢᠯᠭᠠᠷᠠᠭᠰᠠᠨ ᠪᠠᠭᠰᠢ︾᠂ ︽ᠣᠬᠢ ᠰᠣᠳᠣ ᠶᠢ ᠬᠦᠮᠦᠵᠢᠬᠦᠯᠬᠦ ᠲᠥᠯᠥᠪᠯᠡᠭᠡ︾ | ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠠᠭᠰᠢ ᠶᠢᠨ ᠡᠩᠨᠡᠭᠡᠨ ᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠬᠦᠯᠦᠨ᠎ᠡ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠡᠯ᠎ᠡ ᠲᠥᠷᠥᠯ ᠤᠨ ᠰᠤᠷᠭᠠᠭᠤᠯᠢ ᠶᠢ 12 ᠥᠭᠡᠷᠡᠴᠢᠯᠡᠨ ᠰᠠᠶᠢᠵᠢᠷᠠᠭᠤᠯᠵᠦ᠂ ᠨᠥᠬᠦᠴᠡᠯ ᠲᠠᠢ | ᠬᠡᠦᠬᠡᠳ ᠤᠨ ᠴᠡᠴᠡᠷᠯᠢᠭ ᠲᠤ 2 — 3 ᠨᠠᠰᠤᠨ ᠤ ᠬᠡᠦᠬᠡᠳ ᠰᠠᠭᠠᠲᠠᠭᠤᠯᠬᠤ ᠠᠩᠭᠢ ᠨᠡᠭᠡᠭᠡᠬᠦ ᠶᠢ | ᠵᠣᠷᠢᠭᠵᠢᠭᠤᠯᠤᠨ᠎ᠠ᠃ ᠨᠡᠶᠢᠭᠡᠮ ᠤᠨ ᠬᠡᠷᠡᠭ ᠶᠠᠪᠤᠳᠠᠯ ᠪᠠ ᠰᠢᠮᠳᠠᠭᠤᠯᠣᠨ ᠪᠠᠶᠢᠴᠠᠭᠠᠬᠤ᠂ ᠬᠢᠨᠠᠨ ᠰᠢᠯᠭᠠᠵᠤ | ᠠᠳᠠᠯᠢᠳᠬᠠᠨ ᠰᠢᠯᠭᠠᠷᠠᠭᠤᠯᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠵᠢᠷᠤᠮᠵᠢᠭᠤᠯᠵᠤ᠂ ᠰᠤᠷᠭᠠᠭᠤᠯᠢ ᠪᠠ ᠪᠠᠭᠰᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ | ᠨᠢᠭᠡ ᠰᠡᠳᠬᠢᠯ ᠢᠶᠠᠷ ᠰᠤᠷᠭᠠᠭᠤᠯᠢ ᠡᠷᠬᠢᠯᠡᠬᠦ᠂ ᠨᠢᠭᠡ ᠰᠡᠳᠬᠢᠯ ᠢᠶᠠᠷ ᠬᠥᠮᠦᠨ ᠢ ᠬᠥᠮᠦᠵᠢᠭᠦᠯᠬᠦ ᠶᠢ ᠦᠨᠡᠨ ᠬᠦ | ᠪᠠᠳᠣᠯᠠᠨ᠎ᠠ᠃ ᠲᠠᠪᠴᠠᠩ ᠤᠨ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠪᠣᠯᠤᠨ ᠨᠢᠭᠲᠠ ᠬᠡᠯᠪᠡᠷᠢ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ ᠴᠢᠩᠭᠠᠳᠬᠠᠵᠤ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠠᠵᠢᠯᠲᠠᠨ ᠤ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠡᠮᠨᠡᠯᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠰᠢᠶᠠᠨ ᠤ ᠬᠡᠪᠴᠢᠶᠡᠨ ᠤ ᠡᠮᠨᠡᠭᠦᠯᠬᠦ ᠨᠣᠷᠮ᠎ᠠ ᠪᠣᠯᠤᠨ ᠮᠠᠯᠵᠢᠬᠤ ᠲᠠᠷᠢᠶᠠᠯᠠᠬᠤ ᠣᠷᠣᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠪᠣᠯᠤᠮᠵᠢᠲᠤ ᠴᠢᠨᠠᠷ ᠢ ᠦᠷᠭᠦᠯᠵᠢᠯᠡᠨ ᠳᠡᠭᠡᠭᠰᠢᠯᠡᠬᠦᠯᠦᠨ᠎ᠡ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠲᠦᠷᠬᠡᠨ ᠬᠥᠭᠵᠢᠭᠦᠯᠵᠦ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ᠂ ᠬᠡᠷ | ᠪᠦᠯᠢ ᠶᠢᠨ ᠨᠠᠰᠤᠵᠢᠯ ᠤᠨ ᠠᠰᠠᠷᠠᠮᠵᠢ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠳᠣᠭᠳᠠᠯᠴᠠᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠡᠮᠴᠢᠯᠡᠭᠡ ᠰᠤᠪᠢᠯᠠᠯᠲᠠ ᠶᠢ | ᠤᠶᠠᠯᠳᠤᠭᠤᠯᠬᠤ᠂ ᠡᠷᠡᠭᠦᠯᠵᠢᠯ ᠰᠤᠪᠢᠯᠠᠯᠲᠠ ᠶᠢᠨ ᠣᠶᠠᠯᠳᠣᠯ ᠢ ᠢᠳᠡᠪᠬᠢᠲᠡᠢ ᠠᠬᠢᠭᠤᠯᠵᠤ᠂ ︽ᠢ ᠰᠢᠶᠠᠩ ᠠᠯᠠᠱᠠ︾ | ᠨᠠᠰᠤᠵᠢᠯ ᠤᠨ ᠠᠰᠠᠷᠠᠮᠵᠢ ᠶᠢᠨ ᠲᠦᠷᠦᠯ ᠲᠡᠮᠳᠡᠭ ᠢ ᠬᠦᠴᠦᠯᠡᠨ ᠡᠬᠦᠳᠦᠨ᠎ᠡ᠃ ᠨᠠᠭᠠᠳᠤ ᠵᠠᠬ᠎ᠠ ᠶᠢᠨ | ᠪᠠᠲᠤᠯᠠᠭ᠎ᠠ ᠬᠦᠷᠳᠡᠮᠡᠷ ᠪᠠᠶᠢᠭ᠎ᠠ ᠬᠦᠮᠦᠰ᠂ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠳᠡᠨᠦᠬᠦᠯ ᠬᠡᠤᠬᠡᠳ᠂ ᠵᠡᠮᠳᠡᠭ | ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠪᠠᠳᠣᠯᠠᠨ᠎ᠠ᠃ ᠬᠤᠲᠠ ᠶᠢᠨ ᠨᠠᠷᠢᠯᠢᠭᠵᠢᠭᠤᠯᠤᠭᠰᠠᠨ᠂ | ᠤᠶᠤᠨᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠶᠢ ᠴᠢᠩᠭᠠᠳᠬᠠᠵᠤ᠂ ᠬᠤᠲᠠ ᠪᠠᠯᠭᠠᠰᠤᠨ ᠤ ᠴᠢᠳᠠᠮᠵᠢ ᠪᠠ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠬᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠶᠠᠳᠠᠭᠤ ᠠᠴᠠ | ᠠᠩᠬᠢᠵᠢᠷᠠᠭᠤᠯᠣᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ | ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠠᠶᠢᠭᠤᠯᠣᠨ᠎ᠠ᠃ | ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ | ᠠᠳᠬᠤᠵᠤ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ᠂ ᠡᠪᠡᠰᠦ ᠪᠣᠷᠳᠤᠭ᠎ᠠ ᠶᠢ ᠪᠠᠲᠤᠯᠠᠬᠤ᠂ ᠪᠠᠴᠢᠮ | ᠪᠠᠶᠢᠳᠠᠯ ᠢ ᠠᠷᠭᠠᠴᠠᠭᠠᠵᠤ ᠤᠰᠤ ᠬᠠᠩᠭᠠᠬᠤ ᠵᠡᠷᠭᠡ ᠴᠢᠳᠠᠪᠤᠷᠢ ᠶᠢ ᠰᠢᠰᠲ᠋ᠧᠮ ᠲᠠᠢ ᠪᠠᠷ ᠳᠡᠭᠡᠭᠰᠢᠯᠡᠭᠦᠯᠵᠦ᠂ ᠮᠠᠯᠴᠢᠨ | ᠲᠠᠷᠢᠶᠠᠴᠢᠨ ᠤ ᠭᠠᠮᠰᠢᠭ ᠠᠴᠠ ᠪᠣᠯᠣᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ | ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ᠂ ᠣᠯᠠᠨ ᠲᠦᠮᠡᠨ ᠳᠤ ᠳᠠᠬᠢᠨ 15 ᠪᠣᠳᠠᠲᠤ ᠶᠠᠪᠤᠳᠠᠯ | ᠬᠢᠵᠦ ᠥᠭᠭᠦᠨ᠎ᠡ᠄ ᠨᠢᠭᠡ ᠳᠤ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠵᠦ᠂ ᠠᠯᠠᠱᠠ ᠵᠡᠭᠦᠨ ᠬᠤᠰᠢᠭᠤᠨ ᠤ 5 ᠬᠠᠭᠤᠴᠢᠨ ᠬᠤᠷᠢᠶᠠᠯᠠᠯ ᠢ ᠥᠭᠡᠷᠡᠴᠢᠯᠡᠨ | ᠪᠠᠶᠢᠭᠤᠯᠵᠤ᠂ ᠠᠯᠠᠱᠠ ᠪᠠᠷᠠᠭᠤᠨ ᠬᠤᠰᠢᠭᠤᠨ ᠤ ᠨᠥᠬᠦᠴᠡᠯ ᠳᠤ ᠨᠡᠶᠢᠴᠡᠬᠦ ᠣᠷᠣᠨ ᠰᠠᠭᠤᠴᠠ ᠶᠢᠨ ᠠᠰᠠᠷ ᠲᠤ | ᠴᠠᠬᠢᠯᠭᠠᠨ ᠱᠠᠲᠤ ᠣᠭᠰᠠᠷᠠᠨ᠎ᠠ᠃ ᠬᠤᠶᠠᠷ ᠲᠤ᠂ 3 ᠵᠢᠯ ᠤᠨ ᠬᠤᠭᠤᠴᠠᠭ᠎ᠠ ᠶᠢ ᠠᠰᠢᠭᠯᠠᠨ᠂ ᠪᠠᠶᠠᠨᠬᠤᠲᠠ ᠶᠢᠨ | ᠨᠢᠭᠡᠳᠦᠯᠲᠡᠶ ᠪᠠᠶᠢᠭᠤᠯᠤᠭᠰᠠᠨ ᠠᠰᠠᠷ ᠢ ᠣᠷᠣᠨ ᠪᠦᠰᠡ ᠬᠤᠪᠢᠶᠠᠨ ᠦᠭᠡᠷᠡᠴᠢᠯᠡᠨ᠎ᠡ᠂ ᠡᠭᠦᠨ ᠳᠤ᠂ 2025 | ᠣᠨ ᠳᠤ ᠪᠠᠶᠠᠨᠬᠤᠲᠠ ᠶᠢᠨ ᠡᠮᠦᠨ᠎ᠡ ᠶᠡᠭᠡ ᠵᠡᠭᠡᠯᠢ᠂ ᠠᠶᠢᠮᠠᠭ ᠤᠨ ᠵᠣᠴᠢᠳ ᠤᠨ ᠪᠠᠭᠤᠳᠠᠯ ᠤᠨ ᠡᠮᠦᠨ᠎ᠡ ᠲᠠᠯ᠎ᠠ᠂ | ᠬᠤᠱᠤᠳ ᠵᠠᠮ ᠤᠨ ᠵᠡᠭᠦᠨ ᠲᠠᠯ᠎ᠠ᠂ ᠤᠤᠯ ᠤᠨ ᠠᠵᠢᠯ ᠮᠡᠷᠭᠡᠵᠢᠯ ᠤᠨ ᠳᠣᠮᠳᠠᠳᠣ ᠰᠣᠷᠭᠠᠭᠤᠯᠢ ᠶᠢᠨ ᠵᠠᠮ ᠤᠨ | ᠠᠭᠤᠯᠵᠠᠷ ᠤᠨ ᠪᠠᠷᠠᠭᠤᠨ ᠲᠠᠯ᠎ᠠ ᠳᠤ ᠪᠠᠶᠢᠭ᠎ᠠ ᠨᠢᠭᠡᠳᠦᠯᠳᠡᠢ ᠪᠠᠶᠢᠭᠤᠯᠣᠭᠰᠠᠨ 14 ᠠᠰᠠᠷ ᠢ ᠦᠭᠡᠷᠡᠴᠢᠯᠡᠨ᠎ᠡ᠃ | ᠭᠤᠷᠪᠠ ᠳᠤ᠂ ᠬᠤᠲᠠ ᠶᠢᠨ ᠲᠥᠬᠦᠭᠡᠷᠦᠮᠵᠢ ᠶᠢ ᠨᠢᠭᠡᠳᠦᠯᠲᠡᠶ ᠲᠥᠯᠥᠪᠵᠢᠭᠦᠯᠵᠦ᠂ ᠠᠯᠠᠱᠠ ᠵᠡᠭᠦᠨ ᠬᠤᠰᠢᠭᠤᠨ ᠤ | ᠳᠣᠯᠣᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠲᠠᠯ᠎ᠠ᠂ ᠠᠶᠢᠮᠠᠭ ᠤᠨ ᠵᠣᠴᠢᠳ ᠤᠨ ᠪᠠᠭᠤᠳᠠᠯ ᠤᠨ ᠡᠮᠦᠨ᠎ᠡ | ᠲᠠᠯ᠎ᠠ ᠶᠢᠨ ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ ᠬᠤᠲᠠ ᠶᠢᠨ ᠠᠵᠤ ᠠᠬᠤᠶᠢᠯᠠᠯ᠂ | ᠪᠠᠶᠢᠭᠤᠯᠭ᠎ᠠ ᠨᠢᠭᠡᠴᠡ ᠶᠢᠨ ᠲᠡᠷᠭᠡᠨ ᠵᠣᠭᠰᠣᠭᠠᠯ ᠢ ᠨᠡᠶᠢᠭᠡᠮ ᠨᠡᠶᠢᠲᠡ ᠳᠤ ᠡᠮᠬᠢ ᠵᠢᠷᠤᠮ ᠲᠠᠢ ᠪᠠᠷ ᠨᠡᠭᠡᠭᠡᠬᠦ ᠶᠢᠨ | ᠬᠠᠮᠲᠤ᠂ ᠣᠯᠠᠨ ᠨᠡᠶᠢᠲᠡ ᠶᠢᠨ ᠲᠡᠷᠭᠡ ᠵᠣᠭᠰᠣᠭᠠᠬᠤ ᠣᠷᠣᠨ ᠳᠤ ᠨᠢᠭᠡ ᠪᠦᠯᠦᠭ ᠴᠠᠬᠢᠯᠭᠠᠨ ᠴᠡᠨᠡᠭᠯᠡᠬᠦ | ᠳᠦᠭᠦᠭᠡᠷᠦᠮᠵᠢ ᠶᠢ ᠨᠡᠮᠡᠵᠦ ᠤᠭᠰᠠᠷᠠᠨ᠂ ᠲᠡᠷᠭᠡ ᠵᠣᠭᠰᠣᠭᠠᠬᠤ᠂ ᠴᠠᠬᠢᠯᠭᠠᠨ ᠴᠡᠨᠡᠭᠯᠡᠬᠦ ᠳᠤ ᠬᠦᠴᠢᠷᠲᠡᠶ ᠪᠠᠶᠢᠬᠤ | ᠠᠰᠠᠭᠤᠳᠠᠯ ᠢ ᠪᠦᠲᠦᠮᠵᠢᠲᠡᠶ ᠨᠠᠮᠳᠠᠭᠤᠯᠣᠨ᠎ᠠ᠃ ᠳᠥᠷᠪᠡ ᠳᠤ᠂ ᠭᠤᠣᠯᠳᠠᠯᠭ᠎ᠠ ᠲᠠᠢ ᠬᠤᠲᠠ ᠶᠢᠨ ᠵᠠᠮ ᠢ | ᠥᠭᠡᠷᠡᠴᠢᠯᠡᠨ ᠰᠠᠶᠢᠵᠢᠷᠠᠭᠤᠯᠵᠦ᠂ 2025 ᠣᠨ ᠳᠤ ᠪᠠᠶᠠᠨᠬᠤᠲᠠ ᠶᠢᠨ ᠪᠠᠳᠠᠢ ᠶᠢᠨ ᠵᠢᠷᠠᠨ ᠵᠠᠮ ︵ᠵᠡᠭᠦᠨ | ᠳᠣᠭᠤᠷᠢᠯᠳᠠ ᠵᠠᠮ — ᠪᠠᠷᠠᠭᠤᠨ ᠳᠣᠭᠤᠷᠢᠯᠳᠠ ᠵᠠᠮ︶ ᠤᠨ 7.8 ᠺᠢᠯᠣᠮᠧᠲᠷ ᠪᠦᠬᠦᠢ ᠬᠡᠰᠡᠭ᠂ ᠶᠠᠪᠠᠭᠠᠨ ᠵᠠᠮ᠂ | ᠬᠤᠭᠤᠯᠠᠢ ᠲᠣᠣᠷ ᠵᠢᠴᠢ ᠳᠠᠭᠠᠯᠲᠠ ᠲᠥᠬᠦᠭᠡᠷᠦᠮᠵᠢ ᠶᠢ ᠥᠭᠡᠷᠡᠴᠢᠯᠡᠨ ᠲᠠᠰ ᠳᠡᠪᠰᠢᠭᠦᠯᠦᠨ᠎ᠡ᠃ ᠲᠠᠪᠤ ᠳᠤ᠂ 3 | ᠵᠢᠯ ᠤᠨ ᠬᠤᠭᠤᠴᠠᠭ᠎ᠠ ᠶᠢ ᠠᠰᠢᠭᠯᠠᠨ᠂ ᠪᠥᠬᠦ ᠠᠶᠢᠮᠠᠭ ᠤᠨ ᠭᠤᠤᠯ ᠬᠤᠲᠠ ᠪᠠᠯᠭᠠᠰᠤ ᠶᠢᠨ ᠪᠣᠶ ᠪᠥᠬᠦᠶ ᠮᠤᠬᠤᠷ | ᠵᠠᠮ ᠢ ᠨᠡᠪᠲᠡᠷᠡᠭᠦᠯᠵᠦ᠂ ᠣᠯᠠᠨ ᠲᠦᠮᠡᠨ ᠤ ᠠᠮᠢᠳᠤᠷᠠᠯ ᠢ ᠨᠠᠩ ᠲᠥᠬᠦᠮ ᠪᠣᠯᠭᠠᠨ᠎ᠠ᠃ ᠡᠨᠡ ᠵᠢᠯ ᠮᠠᠯᠴᠢᠨ ᠵᠠᠮ ᠤᠨ | ᠮᠤᠬᠤᠷ ᠬᠡᠰᠡᠭ ᠢ ᠨᠡᠪᠲᠡᠷᠡᠭᠦᠯᠵᠦ᠂ ᠣᠯᠠᠭᠠᠠᠪᠣᠬ᠎ᠠ ᠵᠠᠮ ᠤᠨ ᠳᠠᠷᠣᠭᠠᠰᠣ ᠶᠢ ᠨᠠᠮ ᠳᠠᠭᠤᠯᠤᠨᠠ᠃ ᠵᠢᠷᠭᠤᠭ᠎ᠠ ᠳᠤ᠂ | ᠬᠤᠲᠠ ᠬᠥᠳᠡᠭᠡ ᠶᠢᠨ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠯᠠᠱᠠ ᠵᠡᠭᠦᠨ | ᠬᠤᠰᠢᠭᠤ 30 ᠣᠷᠣᠨ ᠰᠠᠭᠤᠴᠠ ᠶᠢᠨ ᠬᠤᠷᠢᠶᠠᠯᠠᠯ ᠪᠠ 6 ᠪᠠᠶᠢᠰᠢᠩ ᠤᠨ ᠲᠣᠭᠤᠷᠢᠭ ᠤᠨ ᠤᠰᠤ ᠬᠠᠩᠭᠠᠬᠤ | ᠬᠤᠭᠤᠯᠠᠶ ᠲᠣᠤᠷ ᠢ ᠥᠭᠡᠷᠡᠴᠢᠯᠡᠵᠦ᠂ ᠠᠯᠠᠱᠠ ᠪᠠᠷᠠᠭᠤᠨ ᠬᠤᠰᠢᠭᠤ 5 ᠺᠢᠯᠣᠮᠧᠲᠷ ᠪᠦᠬᠦᠢ ᠤᠰᠤ ᠬᠠᠩᠭᠠᠬᠤ | ᠬᠤᠭᠤᠯᠠᠶ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠶᠢ ᠣᠭᠰᠠᠷᠠᠨ᠎ᠠ᠃ ᠮᠠᠯᠵᠢᠬᠤ ᠲᠠᠷᠢᠶᠠᠯᠠᠬᠤ ᠣᠷᠣᠨ ᠳᠤ | ᠤᠰᠤᠨ ᠬᠤᠳᠳᠤᠭ᠂ ᠤᠰᠤ ᠬᠠᠳᠠᠭᠠᠯᠠᠬᠤ ᠴᠥᠭᠦᠷᠥᠮ 63 ᠶᠢ ᠰᠢᠨ᠎ᠡ ᠪᠠᠷ ᠮᠠᠯᠳᠠᠵᠦ᠂ 50 ᠺᠢᠯᠣᠮᠧᠲᠷ ᠪᠦᠬᠦᠢ | ᠤᠰᠤ ᠬᠠᠩᠭᠠᠬᠤ ᠬᠤᠭᠤᠯᠠᠶ ᠲᠣᠤᠷ ᠢ ᠳᠡᠪᠢᠰᠦᠨ᠎ᠡ᠃ ᠲᠤᠯᠤᠭ᠎ᠠ ᠳᠤ᠂ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠦᠷᠭᠦᠯᠵᠢᠯᠡᠨ ᠴᠡᠭᠴᠡᠯᠡᠨ ᠵᠠᠰᠠᠵᠤ᠂ ᠪᠦᠬᠦ ᠠᠶᠢᠮᠠᠭ ᠤᠨ ᠭᠤᠣᠯ ᠬᠤᠳᠠ ᠪᠠᠯᠭᠠᠰᠤᠨ ᠤ ᠬᠠᠭᠤᠷᠠᠢ | ᠵᠣᠷᠯᠣᠩ ᠢ ᠪᠦᠬᠦᠨ ᠢ ᠨᠣᠷᠠᠭᠠᠵᠦ᠂ ᠤᠰᠤ ᠪᠠᠷ ᠵᠠᠶᠢᠯᠠᠬᠤ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ | ᠰᠢᠨ᠎ᠡ ᠪᠠᠷ ᠪᠠᠶᠢᠭᠤᠯᠵᠤ᠂ ᠤᠯᠠᠨ ᠲᠦᠮᠡᠨ ᠤ ᠠᠮᠢᠳᠤᠷᠠᠯ ᠢ ᠨᠡᠩ ᠴᠢᠨᠠᠷ ᠰᠠᠶᠢᠲᠠᠢ ᠪᠣᠯᠭᠠᠨ᠎ᠠ᠃ ᠨᠠᠢᠮᠠ ᠳᠤ᠂ ᠪᠥᠬᠦ | ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠠᠮᠤᠷ ᠢ ᠬᠠᠮᠠᠭᠠᠯᠠᠬᠤ ᠡᠩᠨᠡᠭᠡ ᠶᠢᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠶᠢᠰᠦ ᠳᠤ᠂ ᠪᠠᠶᠢᠭᠤᠯᠭ᠎ᠠ ᠨᠢᠬᠡᠴᠡ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠲᠠᠯᠠᠪᠤᠷ ᠣᠷᠳᠣᠨ ᠢ ᠨᠡᠶᠢᠭᠡᠮ ᠳᠤ ᠨᠡᠭᠡᠭᠡᠬᠦ ᠶᠢ ᠡᠮᠬᠢ ᠵᠢᠷᠤᠮ ᠲᠠᠢ ᠠᠬᠢᠭᠤᠯᠵᠤ᠂ ᠵᠢᠯ ᠤᠨ ᠳᠣᠲᠣᠷ᠎ᠠ ᠰᠢᠨ᠎ᠡ ᠪᠠᠷ | ᠨᠡᠮᠡᠭᠳᠡᠭᠰᠡᠨ ᠨᠡᠭᠡᠭᠡᠯᠲᠡ ᠶᠢᠨ ᠲᠠᠯᠠᠪᠠᠢ ᠶᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠯᠭᠠᠵᠤ ᠪᠣᠯᠬᠤ | ᠦᠭᠡᠢ︔ ᠨᠡᠶᠢᠭᠡᠮ ᠲᠣᠭᠤᠷᠢᠭ ᠤᠨ ᠬᠦᠳᠡᠯᠭᠡᠭᠡᠨ ᠤ ᠳᠦᠭᠦᠭᠡᠷᠦᠮᠵᠢ ᠶᠢ ᠰᠠᠶᠢᠵᠢᠷᠠᠭᠤᠯᠤᠨ ᠳᠡᠭᠡᠭᠰᠢᠯᠡᠭᠦᠯᠵᠦ᠂ | ᠰᠤᠯᠠ ᠬᠦᠳᠡᠯᠭᠡᠭᠡᠨ ᠤ ᠲᠠᠯᠠᠪᠤᠷ ᠭᠠᠵᠠᠷ ᠢ ᠪᠦᠲᠦᠮᠵᠢᠲᠡᠶ ᠠᠰᠢᠭᠯᠠᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠠᠯᠠᠭᠠᠳᠠᠬᠤ ᠪᠥᠮᠪᠦᠭᠡ ᠵᠡᠷᠭᠡ ᠲᠠᠩ ᠬᠦᠳᠡᠯᠭᠡᠭᠡᠨ ᠤ ᠲᠠᠯᠠᠪᠤᠷ ᠣᠷᠳᠣᠨ ᠢ | ᠪᠠᠶᠢᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠣᠯᠠᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ | ᠦᠭᠡᠢ ᠬᠠᠩᠭᠠᠨ᠎ᠠ᠃ ᠠᠷᠪᠠ ᠳᠤ᠂ ᠬᠤᠲᠠ ᠶᠢᠨ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠢ ᠥᠭᠡᠷᠡᠴᠢᠯᠡᠨ ᠳᠡᠰ | ᠳᠡᠪᠰᠢᠭᠦᠯᠦᠨ᠎ᠡ᠂ ᠡᠭᠦᠨ ᠳᠤ ᠪᠠᠶᠠᠨᠬᠤᠲᠠ 2᠂ ᠪᠤᠰᠤᠳ ᠬᠤᠰᠢᠭᠤ ᠣᠷᠣᠨ ᠲᠣᠰ ᠪᠦᠷᠢ 1 ᠪᠣᠶ᠃ ᠠᠷᠪᠠᠨ | ᠨᠢᠭᠡ ᠳᠤ᠂ ᠠᠳᠠᠯ ᠠᠬᠤᠶ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ | ᠠᠶᠢᠮᠠᠭ ᠤᠨ ᠣᠷᠣᠨ ᠰᠠᠭᠤᠴᠠ ᠶᠢᠨ ᠬᠤᠷᠢᠶᠠᠯᠠᠯ ᠤᠨ ᠰᠠᠭᠤᠷᠢ ᠳᠦᠭᠦᠭᠡᠷᠦᠮᠵᠢ ᠪᠦᠷᠢᠨ ᠪᠤᠰᠤ᠂ ᠪᠠᠷᠢᠯᠭ᠎ᠠ | ᠳᠠᠭᠤᠰᠤᠭᠠᠳᠤᠶ ᠬᠤᠷᠢᠶᠠᠯᠠᠯ ᠤᠨ ᠠᠳᠠᠯ ᠠᠬᠤᠶ ᠶᠢᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ | ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠠᠷᠪᠠᠨ ᠬᠤᠶᠠᠷ ᠲᠤ᠂ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ | ᠰᠠᠴᠤᠷᠠᠭ ᠳᠦᠷᠰᠦ ᠶᠢᠨ ᠲᠥᠬᠦᠭᠡᠷᠦᠮᠵᠢ ᠶᠢ ᠳᠡᠰ ᠳᠡᠪᠰᠢᠭᠦᠯᠵᠦ᠂ ᠡᠪᠡᠳᠴᠢᠨ ᠡᠮᠭᠡᠭ ᠢ ᠰᠢᠯᠭᠠᠨ ᠪᠠᠶᠢᠴᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠪᠠᠨ ᠭᠤᠷᠪᠠ ᠳᠤ᠂ ᠵᠠᠰᠠᠭ ᠤᠨ ᠣᠷᠳᠣᠨ ᠠᠴᠠ ᠷᠠᠳᠢᠣ᠋ ᠲᠧᠯᠸᠢᠰ ᠤᠨ | ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠴᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠬᠡᠷᠡᠭᠵᠢᠭᠦᠯᠵᠦ᠂ 3 ᠲᠦᠮᠡᠨ ᠡᠷᠦᠬᠡ ᠳᠤ ᠷᠠᠳᠢᠣ᠋ ᠲᠧᠯᠸᠢᠰ ᠤᠨ ᠦᠢᠯᠡᠴᠢᠯᠡᠭᠡ ᠬᠠᠩᠭᠠᠪᠠ᠃ ᠠᠷᠪᠠᠨ ᠳᠦᠷᠪᠡ ᠳᠤ᠂ | ᠶᠠᠳᠠᠭᠤ ᠶᠢ ᠰᠡᠷᠭᠡᠶᠢᠯᠡᠬᠦ ᠳᠠᠭᠠᠳᠬᠠᠯ ᠬᠤᠳᠠᠯᠳᠤᠨ ᠠᠪᠣᠭᠰᠠᠨ ᠮᠠᠯᠴᠢᠨ ᠲᠠᠷᠢᠶᠠᠴᠢᠨ ᠳᠤ ᠨᠥᠬᠦᠪᠥᠷᠢ ᠦᠭᠭᠦᠨ᠎ᠡ᠃ | ᠠᠷᠪᠠᠨ ᠳᠠᠪᠤ ᠳᠤ᠂ ᠡᠳᠦᠷ ᠪᠦᠷᠢ ᠵᠣᠷᠴᠢᠬᠤ ᠡᠵᠡᠨ᠎ᠡ ᠬᠦᠬᠡᠬᠤᠳᠠ ᠬᠤᠣᠰ ᠴᠢᠭᠯᠡᠯ ᠤᠨ ᠭᠠᠯᠳᠦ ᠲᠡᠷᠭᠡ ᠶᠢ ᠳᠠᠬᠢᠨ | ᠨᠡᠪᠳᠡᠷᠡᠭᠦᠯᠦᠨ᠎ᠡ᠃ | ᠲᠤᠯᠤᠭ᠎ᠠ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ᠂ ᠡᠷᠡᠰᠳᠡᠯ ᠢ ᠰᠡᠷᠭᠡᠶᠢᠯᠡᠬᠦ ᠪᠠ ᠨᠡᠶᠢᠭᠡᠮ ᠤᠨ ᠵᠠᠰᠠᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠠᠶᠢᠮᠠᠭ ᠤᠨ ᠶᠡᠭᠡ ᠲᠠᠯ᠎ᠠ ᠶᠢᠨ ︽ᠡᠶ᠎ᠡ ᠵᠣᠬᠢᠴᠠᠩᠭᠤᠢ ᠲᠣᠭᠲᠠᠭᠤᠨ︾ ᠢ | ᠠᠬᠢᠭᠤᠯᠤᠨ᠎ᠠ | ᠨᠢᠭᠡ ᠳᠤ᠂ ᠠᠶᠤᠯᠭᠦᠢ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠠᠶᠣᠯᠬᠦᠢ | ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠡᠷᠭᠡ ᠶᠢ ᠳᠠᠪᠠᠭ᠋ᠣ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠠᠭᠤᠷᠬᠠᠶ᠂ ᠠᠶᠤᠯᠲᠠᠶ ᠬᠢᠮᠢ ᠶᠢᠨ ᠠᠵᠤ ᠦᠢᠯᠡᠳᠪᠦᠷᠢ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ | ᠵᠡᠷᠭᠡ ᠭᠤᠤᠯᠳᠠᠯᠭ᠎ᠠ ᠲᠠᠢ ᠬᠦᠷᠢᠶᠡᠨ ᠤ ᠳᠠᠯᠳᠠ ᠡᠷᠡᠰᠳᠡᠯ ᠤᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ᠂ | ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠢᠨᠠᠨ ᠬᠠᠮᠢᠶᠠᠷᠬᠤ ᠡᠩᠨᠡᠭᠡ ᠶᠢᠨ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠣᠷᠢᠯᠲᠠ ᠶᠢ | ᠪᠠᠶᠢᠩᠭᠤ ᠥᠷᠨᠢᠭᠦᠯᠵᠦ᠂ ᠪᠥᠬᠦ ᠠᠶᠢᠮᠠᠭ ᠤᠨ ᠠᠶᠣᠯᠬᠦᠢ ᠦᠢᠯᠡᠳᠪᠦᠷᠢᠯᠡᠯ ᠤᠨ ᠰᠠᠭᠤᠷᠢ ᠶᠢ ᠲᠠᠰᠤᠷᠠᠯᠲᠠ ᠥᠬᠡᠶ | ᠪᠠᠲᠤᠳᠬᠠᠨ᠎ᠠ᠃ ᠬᠤᠶᠠᠷ ᠲᠤ᠂ ᠡᠷᠡᠰᠳᠡᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ᠃ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠳᠥᠷᠪᠡᠨ ᠨᠢᠭᠡ ᠪᠦᠯᠦᠭ︾ ᠤᠨ ᠠᠷᠭ᠎ᠠ | ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠣᠯᠠᠨ ᠲᠠᠯ᠎ᠠ ᠠᠴᠠ ᠪᠡᠯᠡ ᠮᠥᠩᠭᠦ ᠴᠤᠭᠯᠠᠭᠤᠯᠵᠤ ᠦᠯᠡᠳᠡᠭᠰᠡᠨ | ᠥᠷᠢ ᠶᠢ ᠳᠦᠯᠦᠵᠦ᠂ ᠳᠠᠯᠳᠠ ᠥᠷᠢ ᠪᠣᠢ ᠪᠣᠯᠬᠤ ᠶᠢ ᠡᠷᠡᠰ ᠰᠡᠷᠭᠡᠶᠢᠯᠡᠨ᠎ᠡ᠃ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠪᠠᠩᠬᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠵᠣᠬᠢᠴᠠᠭᠤᠯᠤᠨ | ᠠᠬᠢᠭᠤᠯᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠡᠷᠡᠰᠳᠡᠯ ᠢ ᠪᠣᠢ | ᠪᠣᠯᠭᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠭᠤᠷᠪᠠ ᠳᠤ᠂ ᠵᠠᠰᠠᠯᠲᠠ ᠶᠢᠨ ᠦᠷ᠎ᠡ | ᠪᠦᠲᠦᠮᠵᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠬᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ | ᠶᠡᠭᠡ ᠪᠠᠷ ᠬᠡᠷᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ | ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ | ᠪᠡᠶᠡᠯᠡᠬᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠠᠬᠢᠭᠤᠯᠵᠤ᠂ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠩ ᠥᠨᠳᠥᠷ | ᠲᠦᠪᠰᠢᠨ ᠪᠥᠬᠦᠶ ︽ᠠᠮᠣᠭᠤᠯᠠᠩᠲᠦ ᠠᠯᠠᠱᠠ︾ ᠶᠢ ᠴᠢᠷᠮᠠᠶᠢᠨ ᠪᠠᠶᠢᠭᠤᠯᠤᠨ᠎ᠠ᠃ | ᠨᠠᠢᠮᠠ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠲᠥᠷᠥ ᠶᠢᠨ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠶᠢᠭᠤᠯᠤᠯᠲᠠ᠂ ᠰᠠᠬᠢᠯᠭ᠎ᠠ ᠪᠠᠲᠤ | ᠣᠪᠣᠷ ᠰᠤᠷᠲᠠᠯ ᠪᠠ ᠦᠷ᠎ᠡ ᠪᠦᠲᠦᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ | ᠣᠷᠳᠣᠨ ᠤ ᠠᠵᠢᠯ ᠤᠨ ︽ᠪᠠᠷᠢᠮᠵᠢᠶ᠎ᠠ ᠶᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠬᠦ︾ ᠶᠢ ᠠᠬᠢᠭᠤᠯᠣᠨ᠎ᠠ | ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠨ ᠲᠤᠤᠱᠯᠠᠭᠤᠯᠵᠤ᠂ ︽ᠬᠤᠶᠠᠷ ᠢ ᠳᠣᠭᠳᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ᠡᠷᠡᠰ ᠠᠬᠢᠭᠤᠯᠣᠨ᠎ᠠ᠃ ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠪᠠᠷᠢᠮᠳᠠᠯᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ | ᠴᠢᠩᠭ᠎ᠠ ᠪᠠᠷᠢᠮᠳᠠᠯᠠᠵᠦ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ︽ᠨᠠᠢᠮᠠᠳᠤᠭᠠᠷ | ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ | ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠡᠯ᠎ᠡ ᠲᠠᠯ᠎ᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠡᠳ᠋ ᠤᠨ ᠶᠠᠪᠤᠳᠠᠯ᠂ ᠬᠢᠨᠠᠨ ᠪᠤᠳᠤᠬᠤ᠂ ᠲᠤᠭ᠎ᠠ ᠪᠦᠷᠢᠳᠬᠡᠯ ᠤᠨ ᠬᠢᠨᠠᠯᠲᠠ | ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠡᠷᠬᠡ ᠶᠢ ᠢᠯᠡ ᠲᠣᠳᠣ᠂ ᠡᠷᠬᠡ ᠲᠡᠭᠰᠢ ᠲᠥᠪ ᠭᠤᠣᠯᠴᠢ | ᠠᠵᠢᠯᠯᠠᠭᠤᠯᠤᠨ᠎ᠠ᠃ ᠭᠤᠷᠪᠠ ᠳᠤ᠂ ᠭᠦᠢᠴᠡᠳᠬᠡᠬᠦ ᠦᠷ᠎ᠡ ᠪᠦᠲᠦᠮᠵᠢ ᠶᠢ ᠴᠢᠩᠭᠠᠳᠬᠠᠨ᠎ᠠ᠃ ︽ᠳᠠᠷᠦ᠋ᠢᠬᠠᠨ | ᠭᠦᠢᠴᠡᠳᠬᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ︾ ᠶᠢ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠪᠣᠯᠤᠨ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾ ᠢ ᠡᠷᠡᠰ ᠵᠠᠯᠠᠷᠠᠭᠤᠯᠵᠤ᠂ ︽ᠠᠯᠵᠠᠭᠤ ᠰᠤᠯᠠ | ᠵᠠᠳᠠᠭᠠᠢ᠂ ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠦᠷᠭᠦᠯᠵᠢᠯᠡᠨ ᠬᠦᠴᠦᠨ ᠴᠢᠳᠠᠯ ᠣᠯᠭᠤᠵᠤ᠂ ᠺᠠᠳ᠋ᠷ ᠤᠨ ᠡᠩᠨᠡᠭᠡᠨ ᠤ | ᠬᠥᠳᠡᠯᠭᠡᠬᠦ ᠬᠦᠴᠦᠨ᠂ ᠪᠣᠳᠠᠲᠤ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ᠃ ᠲᠦᠷᠪᠡ ᠳᠤ᠂ ᠠᠷᠢᠭᠤᠨ | ᠴᠢᠬᠡᠴᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠠᠷᠪᠢᠴᠢ ᠭᠠᠮᠲᠠᠢ ᠪᠠᠶᠢᠬᠤ︾ ᠳᠠᠳᠬᠠᠯ ᠲᠠᠢ ᠪᠠᠶᠢᠵᠤ᠂ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠢ ᠦᠷᠭᠦᠯᠵᠢᠯᠡᠨ ᠪᠠᠬᠢᠵᠢᠭᠦᠯᠦᠨ᠎ᠡ᠃ | ᠨᠥᠬᠦᠳ ᠡ᠂ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ᠂ ᠲᠠᠪᠤᠨ ᠶᠡᠭᠡ ᠰᠠᠭᠤᠷᠢᠨ ᠢ ᠪᠠᠶᠢᠭᠤᠯᠬᠤ | ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠶᠢ ᠠᠬᠢᠭᠤᠯᠵᠤ᠂ ᠪᠥᠬᠦ ᠵᠢᠯ ᠤᠨ ᠡᠯ᠎ᠡ ᠠᠵᠢᠯ ᠤᠨ | ᠡᠭᠦᠷᠭᠡ ᠶᠢ ᠰᠠᠶᠢᠲᠤᠷ ᠪᠡᠶᠡᠯᠡᠭᠦᠯᠬᠦ ᠶᠢᠨ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠨ᠎ᠠ᠂ ᠵᠠᠩᠭᠢᠯᠠᠭ᠎ᠠ ᠨᠢ | ᠪᠣᠳᠠᠲᠠᠶ ᠠᠵᠢᠯᠯᠠᠬᠤ ᠳᠤ ᠪᠣᠶ᠃ ᠪᠢᠳᠡ ᠬᠠᠷᠠᠯᠲᠠ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ | ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠪᠦᠯᠬᠦᠮᠳᠡᠨ ᠲᠡᠮᠡᠴᠡᠵᠦ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ | ᠴᠢᠷᠮᠠᠶᠢᠯᠭ᠎ᠠ᠂ ᠰᠢᠨ᠎ᠡ ᠦᠷ᠎ᠡ ᠪᠦᠲᠦᠮᠵᠢ ᠪᠠᠷ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠣᠶ᠎ᠠ᠃ | | | | | | | | | | | |