4 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ | ᠬᠠᠶ ᠯᠢᠨ ᠪᠥᠬᠦ ᠠᠶᠢᠮᠠᠭ ᠤᠨ ᠣᠶ ᠰᠢᠭᠤᠶ ᠨᠣᠳᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠰᠬᠠᠶ ᠰᠡᠳᠦᠪᠲᠦ | ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠬᠤᠯᠪᠣᠭᠳᠠᠯ ᠪᠥᠬᠦᠶ ᠠᠰᠠᠭᠤᠳᠠᠯ | ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | | | | | | | | | | | | | | ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠠᠰᠠᠬᠤ︾ ᠪᠠ ︽ | ᠪᠠᠲᠤᠯᠠᠬᠤ︾ ᠳᠣᠬᠠᠢ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠢ ᠴᠢᠩᠭ᠎ᠠ ᠰᠠᠶᠢᠲᠤᠷ ᠠᠳᠬᠤᠵᠤ᠂ ᠤᠢ ᠰᠢᠭᠤᠢ ᠨᠣᠳᠤᠭ ᠪᠡᠯᠴᠢᠭᠡᠷ ᠢ ᠡᠪᠳᠡᠬᠦ ᠶᠢ ᠬᠤᠷᠢᠭᠯᠠᠬᠤ ᠶᠡᠷᠦᠩᠬᠡᠢ | ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | | | | | | | | | | | | | | | | | | ᠬᠤᠷᠠᠯ ᠠᠴᠠ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠱᠠᠳᠣ᠂ ᠭᠤᠣᠯᠳᠠᠯᠭ᠎ᠠ ᠲᠠᠢ | ᠠᠵᠢᠯ ᠲᠦᠷᠦᠯ᠂ ᠭᠤᠣᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠢᠶᠠᠷ ᠰᠡᠷᠭᠡᠶᠢᠯᠡᠬᠦ᠂ | ᠮᠡᠷᠭᠡᠵᠢᠯ ᠢᠶᠠᠷ ᠰᠡᠷᠭᠡᠶᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠦᠪᠡᠭᠴᠢ ᠶᠢ ᠪᠠᠶᠢᠴᠠᠭᠠᠨ ᠵᠢᠭᠰᠠᠭᠠᠬᠤ᠂ | ᠠᠰᠠᠭᠤᠳᠠᠯ ᠢ ᠬᠢᠨᠠᠨ ᠪᠠᠶᠢᠴᠠᠭᠠᠬᠤ᠂ ᠰᠤᠳᠤᠯᠤᠨ ᠮᠠᠭᠠᠳᠯᠠᠵᠤ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ | ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ | ᠴᠢᠩᠭ᠎ᠠ ᠴᠣᠬᠢᠯᠲᠠ ᠥᠭᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ | ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠦᠷᠢᠮ ᠲᠣᠭᠲᠠᠭᠠᠯ ᠲᠣᠭᠲᠠᠭᠠᠵᠤ᠂ ᠪᠦᠬᠦ ᠬᠦᠴᠦᠨ ᠢᠶᠠᠷ ᠢᠶᠠᠨ | ᠬᠥᠮᠥᠷᠭᠡᠯᠡᠨ ᠬᠠᠳᠠᠭᠠᠯᠠᠵᠤ᠂ ᠨᠡᠮᠡᠭᠳᠡᠯ ᠢ ᠬᠤᠷᠢᠭᠯᠠᠵᠤ᠂ ᠬᠢᠯᠪᠡᠷ ᠪᠤᠰᠤ ᠪᠠᠷ ᠣᠯᠤᠭᠰᠠᠨ ᠠᠮᠢ ᠠᠬᠤᠢ ᠶᠢᠨ | ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠡᠯ᠎ᠡ ᠬᠤᠰᠢᠭᠤ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠡᠭᠴᠡᠯᠡᠨ | ᠵᠠᠰᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠲᠠ | ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠳᠤ ᠪᠠᠰᠠ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠬᠤᠯᠪᠣᠭᠳᠠᠯ ᠪᠦᠬᠦᠢ ᠠᠵᠢᠯ ᠢ | ᠰᠤᠳᠤᠯᠵᠠᠢ᠃ | ᠸᠠᠩ ᠬᠠᠢ ᠢᠦᠢ᠂ ᠮᠥᠩᠬᠡ᠂ ᠯᠢᠦ ᠴᠥᠩ ᠰᠢᠶᠤᠤ ᠣᠷᠣᠯᠴᠠᠪᠠ᠃ | |