4 ᠰᠠᠷ᠎ᠠ ᠶᠢᠨ 10 ᠤ ᠡᠳᠤᠷ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ | ᠪᠠᠢ ᠬᠠᠢ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ | ᠤᠯᠤᠰ ᠢ ᠪᠠᠶᠢᠭᠤᠯᠬᠤ ᠠᠤᠭ᠎ᠠ ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ ᠵᠣᠬᠢᠶᠠᠯ ᠢ | ᠤᠯᠠᠮᠵᠢᠯᠠᠨ ᠰᠤᠷᠤᠯᠴᠠᠵᠤ᠂ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠰᠢᠨ᠎ᠡ ᠶᠢ ᠡᠭᠦᠳᠬᠦ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ᠲᠦᠷᠦ ᠶᠢᠨ | ᠪᠤᠳᠤᠯᠭ᠎ᠠ ᠶᠢᠨ ᠳᠡᠮᠵᠢᠯᠭᠡ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ | ᠦᠷ᠎ᠡ ᠪᠦᠲᠦᠭᠡᠯ ᠤᠨ ᠣᠯᠠᠷᠢᠭᠤᠯᠣᠯᠳᠠ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ | ᠬᠤᠷᠠᠮᠳᠤᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ | ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠠᠷ ᠵᠢᠯᠣᠭᠤᠳᠤᠮᠵᠢ ᠪᠣᠯᠭᠠᠵᠤ᠂ ᠳᠣᠲᠣᠭᠠᠳᠤ | ᠭᠠᠳᠠᠭᠠᠳᠤ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠳᠠᠪᠠᠭᠤᠯᠢᠭ ᠢᠶᠠᠨ | ᠬᠠᠷᠢᠯᠴᠠᠨ ᠨᠥᠬᠦᠪᠥᠷᠢᠯᠡᠬᠦ᠂ ᠠᠵᠤ ᠦᠢᠯᠡᠰ ᠤᠨ ᠬᠠᠷᠢᠯᠴᠠᠨ ᠠᠬᠢᠭᠤᠯᠬᠤ ᠶᠢ ᠴᠢᠩᠭᠠᠳᠬᠠᠵᠤ᠂ ᠨᠡᠭᠡᠭᠡᠯᠲᠡ ᠬᠢᠵᠦ | ᠬᠠᠮᠲᠤᠷᠠᠯᠴᠠᠬᠤ ︽ᠨᠠᠶᠢᠵᠠ ᠶᠢᠨ ᠲᠣᠭᠤᠷᠢᠭ︾ ᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠳᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠰᠣᠨᠣᠰᠴᠤ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ︽ | ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠵᠠᠰᠠᠬᠤ︾ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ︽ᠰᠤᠷᠭᠠᠭᠤᠯᠢ ᠶᠢᠨ ᠬᠦᠷᠢᠶᠡᠨ ᠤ ᠬᠤᠭᠤᠯᠠ︾᠂ ᠬᠥᠳᠡᠭᠡ | ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ᠂ ᠣᠷᠣᠰᠢᠭᠤᠯᠭ᠎ᠠ ᠶᠢᠨ ᠬᠦᠷᠢᠶᠡᠨ ᠤ | ᠲᠤᠪᠤᠶᠢᠮ᠎ᠠ ᠠᠰᠠᠭᠤᠳᠠᠯ ᠵᠡᠷᠭᠡ ᠲᠤᠰᠬᠠᠢ ᠴᠡᠭᠴᠡᠯᠡᠨ ᠵᠠᠰᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ | ᠂ ᠤᠯᠠᠨ ᠲᠦᠮᠡᠨ ᠤ ᠳᠡᠷᠭᠡᠳᠡᠬᠢ 16 ᠪᠣᠳᠠᠲᠤ ᠶᠠᠪᠤᠳᠠᠯ ᠢ ᠴᠢᠩᠭ᠎ᠠ ᠠᠩᠬᠠᠷᠴᠤ᠂ ᠦᠨᠡᠨ ᠬᠦ ᠴᠢᠩᠭ᠎ᠠ ᠡᠷᠴᠢᠮ᠂ | ᠴᠢᠩᠭ᠎ᠠ ᠪᠠᠷᠢᠮᠵᠢᠶ᠎ᠠ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠤᠯᠠᠨ ᠲᠦᠮᠡᠨ ᠤ ᠪᠠᠴᠢᠮᠳᠠᠵᠤ | ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠠᠵᠢᠯ ᠤᠨ | ᠨᠠᠶᠢᠳᠠᠪᠤᠷᠢᠵᠢᠭᠤᠯᠤᠯᠲᠠ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ | ᠵᠦᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ︽ᠡᠷᠬᠡ ᠲᠡᠭᠰᠢ᠂ ᠲᠡᠩᠴᠡᠭᠦᠷᠢᠲᠡᠢ᠂ ᠲᠦᠭᠡᠮᠡᠯ | ᠬᠠᠷᠠᠭᠠᠯᠵᠠᠯ ᠲᠠᠢ᠂ ᠪᠣᠯᠤᠮᠵᠢ ᠲᠠᠢ︾ ᠪᠠᠶᠢᠬᠤ ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠠᠷᠠᠳ ᠤᠨ ᠠᠮᠢᠳᠤᠷᠠᠯ ᠤᠨ | ᠠᠵᠢᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠦᠷᠭᠡᠨ | ᠰᠠᠶᠢᠲᠤᠷ ᠬᠢᠵᠦ᠂ ᠠᠷᠠᠳ ᠤᠯᠠᠨ ᠳᠤ ᠦᠨᠡᠨᠬᠦ ᠬᠤᠪᠢᠷᠠᠯᠲᠠ ᠶᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠦᠨᠳᠦᠰᠦᠨ ᠰᠡᠳᠬᠢᠴᠡ ᠶᠢ | ᠰᠣᠨᠣᠰᠴᠤ᠂ ᠪᠥᠬᠦ ᠠᠶᠢᠮᠠᠭ ᠢᠶᠠᠷ ᠢᠶᠠᠨ ᠳᠡᠭᠡᠳᠦ ᠳᠣᠤᠷᠠᠳᠤ ᠱᠠᠳᠣ ︽ᠨᠢᠭᠡ ᠬᠥᠯᠭᠡ ᠰᠢᠲᠠᠷ᠎ᠠ︾ ᠪᠠᠶᠢᠵᠦ᠂ | ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠬᠠᠮᠵᠢᠯᠴᠠᠨ ᠬᠥᠳᠡᠯᠦᠯᠴᠡᠵᠦ᠂ ᠬᠥᠭᠵᠢᠯᠲᠡ ᠶᠢᠨ ᠪᠣᠳᠠᠲᠤ | ᠪᠠᠶᠢᠳᠠᠯ ᠳᠤ ᠰᠠᠭᠤᠷᠢᠯᠠᠨ᠂ ᠢᠷᠡᠭᠡᠳᠦᠶ ᠶᠢᠨ ᠲᠠᠪᠤᠨ ᠵᠢᠯ ᠤᠨ ᠬᠠᠷᠠᠯᠲᠠ ᠡᠭᠦᠷᠭᠡ ᠪᠠ ᠠᠷᠭ᠎ᠠ ᠵᠠᠮ ᠤᠨ | ᠭᠠᠷᠳᠠᠴᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠷᠥᠯ ᠵᠦᠢᠯ ᠤᠨ ᠬᠡᠪᠴᠢᠶ᠎ᠡ ᠶᠢ | ᠪᠤᠵᠠᠭᠠᠶᠢᠷᠠᠭᠤᠯᠤᠨ ᠰᠢᠯᠢᠳᠡᠭᠵᠢᠭᠦᠯᠵᠦ᠂ ᠡᠯ᠎ᠡ ᠲᠠᠯ᠎ᠠ ᠶᠢᠨ ᠳᠡᠮᠵᠢᠯᠭᠡ ᠶᠢ ᠪᠥᠬᠦ ᠬᠦᠴᠦᠨ ᠢᠶᠠᠷ ᠢᠶᠠᠨ ᠣᠯᠵᠤ᠂ | ᠨᠠᠶᠢᠷᠠᠭᠤᠯᠬᠤ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ | |