ᠬᠤᠸᠠᠩ ᠶᠠ ᠯᠢ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/4/11
    4 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠤᠷᠢᠳ ᠬᠤᠵᠢᠳ ᠡᠵᠡᠨ᠎ᠡ ᠬᠤᠰᠢᠭᠤ᠂ ᠠᠯᠠᠱᠠ ᠪᠠᠷᠠᠭᠤᠨ ᠬᠤᠰᠢᠭᠤ ᠪᠣᠯᠤᠨ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠭᠤᠷᠪᠠᠨ ᠶᠡᠭᠡ ᠡᠯᠡᠰᠦᠨ ᠴᠥᠯ ᠤᠨ ︽ᠨᠡᠶᠢᠯᠡᠬᠦ ᠶᠢ ᠬᠤᠷᠢᠭᠯᠠᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠡᠷᠢᠭ ᠤᠨ ᠰᠠᠭᠤᠷᠢᠨ ᠭᠠᠵᠠᠷ ᠢ ᠬᠠᠮᠠᠭᠠᠯᠠᠬᠤ ᠳᠠᠶᠢᠯᠠᠯᠳᠤᠭᠠᠨ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ  ᠬᠥᠮᠦᠵᠢᠯ ᠵᠢᠭᠠᠨ ᠰᠤᠷᠭᠠᠯᠲᠠ᠂ ᠨᠠᠮ ᠤᠨ ᠰᠤᠷᠭᠠᠭᠤᠯᠢ ᠶᠢᠨ ᠠᠵᠢᠯ ᠢ ᠪᠠᠶᠢᠴᠠᠭᠠᠨ ᠰᠤᠳᠤᠯᠪᠠ᠃    ᠪᠠᠳᠠᠶ ᠶᠢᠨ ᠵᠢᠷᠠᠨ ᠪᠣᠯᠤᠨ ᠲᠩᠷᠢ ᠡᠯᠡᠰᠦ ᠶᠢ ᠵᠠᠰᠠᠬᠤ 5 ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠬᠤᠸᠠᠩ ᠶᠠ ᠯᠢ ᠺᠠᠳ᠋ᠷ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠮᠥ ᠪᠦᠷᠢ ᠶᠢᠨ ᠥᠪᠡᠷ ᠤᠨ ᠥᠷᠲᠡᠭ ᠨᠢ ᠬᠡᠳᠦᠶ ᠵᠣᠭᠤᠰ᠂ ᠴᠢᠬᠢ ᠮᠣᠳᠣ ᠬᠠᠮᠢᠭ᠎ᠠ ᠠᠴᠠ ᠢᠷᠡᠵᠦ᠂ ᠨᠢᠭᠡ ᠡᠳᠦᠷ ᠲᠤ ᠬᠡᠳᠦᠶ ᠠᠵᠢᠯᠯᠠᠵᠤ ᠳᠡᠶᠢᠯᠬᠦ᠂ ᠬᠥᠯᠥᠰᠥᠨ ᠠᠵᠢᠯ ᠬᠢᠭᠰᠡᠨ ᠣᠷᠣᠯᠭ᠎ᠠ ᠨᠢ ᠬᠡᠳᠦᠶ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠠᠶ᠃ ᠲᠡᠷᠡ᠂ ᠡᠨᠡ ᠵᠢᠯ ᠭᠤᠷᠪᠠᠨ ᠶᠡᠭᠡ ᠡᠯᠡᠰᠦᠨ ᠴᠦᠯ ᠢ ᠬᠤᠷᠢᠭᠯᠠᠬᠤ ᠪᠦᠰᠡ ᠶᠢ ᠪᠥᠬᠦ ᠲᠠᠯ᠎ᠠ ᠪᠠᠷ ᠨᠡᠪᠳᠡᠷᠡᠭᠦᠯᠬᠦ ᠪᠣᠯ ᠪᠥᠬᠦ ᠠᠶᠢᠮᠠᠭ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠪᠠᠶᠢᠷᠢᠰᠢᠭᠤᠯᠤᠯᠲᠠ ᠪᠣᠯᠤᠨ ᠠᠵᠢᠯ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠶᠠᠮᠠᠷ ᠭᠠᠵᠠᠷ ᠲᠤ ᠵᠠᠭ ᠳᠠᠷᠢᠬᠤ᠂ ᠶᠠᠮᠠᠷ ᠭᠠᠵᠠᠷ ᠲᠤ ᠡᠯᠡᠰᠦ ᠶᠢ ᠬᠤᠷᠢᠭᠯᠠᠬᠤ ᠬᠠᠯᠬᠠᠪᠴᠢ ᠭᠠᠷᠭᠠᠬᠤ᠂ ᠶᠠᠮᠠᠷ ᠭᠠᠵᠠᠷ ᠲᠤ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ ᠶᠢ ᠴᠥᠮ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠦᠨᠡᠨ ᠠᠴᠠ ᠵᠥᠪ ᠢ ᠡᠷᠢᠵᠦ᠂ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠵᠠᠰᠠᠯᠲᠠ ᠶᠢᠨ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠢ᠃ ᠠᠬᠢᠴᠠ ᠪᠠ ᠴᠢᠨᠠᠷ ᠴᠢᠨᠰᠠᠭ᠎ᠠ ᠶᠢ ᠵᠡᠷᠭᠡ ᠪᠠᠷ ᠴᠢᠬᠤᠯᠠᠴᠢᠯᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠ ᠥᠪᠡᠷ ᠤᠨ ᠦᠷᠳᠡᠭ ᠢ ᠪᠠᠭᠤᠷᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠢᠯᠳᠠᠨ ᠤ ᠬᠦᠴᠦᠨ ᠢ ᠲᠥᠪᠯᠡᠷᠡᠭᠦᠯᠵᠦ᠂ ᠨᠡᠩ ᠤᠯᠠᠨ ᠮᠠᠰᠢᠨ ᠲᠥᠬᠦᠭᠡᠷᠦᠮᠵᠢ ᠶᠢ ᠣᠷᠣᠭᠤᠯᠵᠤ᠂ ᠡᠮᠦᠨᠡᠬᠢ ᠬᠤᠭᠤᠴᠠᠭᠠᠨ ᠤ ᠵᠠᠰᠠᠯᠲᠠ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠬᠠᠮᠵᠢᠯᠴᠠᠨ ᠠᠬᠢᠭᠤᠯᠵᠤ᠂  ᠵᠠᠰᠠᠯᠳᠠ ᠶᠢᠨ ᠦᠷ᠎ᠡ ᠪᠦᠳᠦᠮᠵᠢ ᠶᠢ ᠪᠠᠲᠤᠯᠠᠬᠤ ᠬᠡᠷᠡᠭᠲᠡᠢ᠃ ᠡᠯᠡᠰᠦ ᠶᠢ ᠵᠠᠰᠠᠬᠤ ᠪᠠ ᠣᠷᠣᠯᠭ᠎ᠠ ᠶᠢ ᠨᠡᠮᠡᠭᠳᠡᠭᠦᠯᠬᠦ ᠶᠢ ᠬᠠᠷᠢᠯᠴᠠᠨ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠶᠢ ᠨᠡᠩ ᠶᠡᠭᠡ ᠡᠷᠴᠢᠮ ᠢᠶᠠᠷ ᠠᠬᠢᠭᠤᠯᠵᠤ᠂ ᠨᠡᠩ ᠤᠯᠠᠨ ᠮᠠᠯᠴᠢᠨ ᠲᠠᠷᠢᠶᠠᠴᠢᠨ ᠢ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠨᠡᠩ ᠤᠯᠠᠨ ᠣᠷᠣᠯᠭ᠎ᠠ ᠤᠯᠬᠤ ᠶᠢ ᠪᠠᠳᠣᠯᠠᠬᠤ ᠬᠡᠷᠡᠭᠲᠡᠢ ᠭᠡᠪᠡ᠃
1.jpg
2.jpg
     ᠡᠵᠡᠨ᠎ᠡ ᠬᠤᠰᠢᠭᠤ᠂ ᠠᠯᠠᠱᠠ ᠪᠠᠷᠠᠭᠤᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠳᠤ᠂ ᠬᠤᠸᠠᠩ ᠶᠠ ᠯᠢ ᠪᠠᠭᠰᠢ ᠶᠢᠨ ᠬᠢᠴᠢᠶᠡᠯ ᠣᠷᠣᠬᠤ ᠶᠢ ᠰᠣᠨᠣᠰᠴᠦ᠂ ᠰᠤᠷᠤᠭᠴᠢᠳ ᠲᠠᠢ ᠶᠠᠷᠢᠯᠴᠠᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠦ᠂ ᠪᠠᠭᠰᠢ ᠶᠢᠨ ᠲᠤᠬᠢᠷᠠᠭᠤᠯᠤᠯᠳᠠ᠂ ᠬᠢᠴᠢᠶᠡᠯ ᠤᠨ ᠪᠠᠶᠢᠷᠢᠯᠠᠭᠤᠯᠤᠯᠲᠠ᠂ ᠰᠤᠷᠤᠭᠴᠢᠳ ᠤᠨ ᠬᠢᠷᠢ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠬᠡᠦᠬᠡᠳ ᠤᠳ ᠲᠤ ᠴᠥᠮ ᠣᠶᠢᠷ᠎ᠠ ᠬᠠᠪᠢ ᠳᠠᠭᠠᠨ ᠰᠢᠯᠢᠳᠡᠭ ᠰᠤᠷᠭᠠᠨ ᠬᠥᠮᠦᠵᠢᠯ ᠬᠦᠷᠲᠡᠭᠡᠵᠦ᠂ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
3.jpg
     ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ᠂ ᠬᠤᠸᠠᠩ ᠶᠠ ᠯᠢ ︽ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ︾ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠦ᠂ ᠪᠣᠯᠪᠠᠰᠤᠷᠠᠯ ᠤᠨ ᠠᠭᠤᠯᠭ᠎ᠠ ᠶᠢ ᠪᠠᠶᠠᠯᠢᠭᠵᠢᠭᠤᠯᠤᠨ᠂ ᠪᠣᠯᠪᠠᠰᠤᠷᠠᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠣᠯᠪᠠᠰᠤᠷᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠠᠮ ᠤᠨ ᠰᠤᠷᠭᠠᠭᠤᠯᠢ ᠶᠢᠨ ᠴᠢᠳᠠᠮᠵᠢ ᠪᠠ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠡᠨᠡ ᠬᠤᠭᠤᠴᠠᠭᠠᠨ ᠳᠤ᠂ ᠬᠤᠸᠠᠩ ᠶᠠ ᠯᠢ ᠪᠠᠰᠠ ᠤᠢ ᠰᠢᠭᠤᠢ ᠨᠣᠳᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃     ᠸᠧᠢ ᡁᠢ ᠭᠦᠸᠧ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号