4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠬᠦᠯᠢ | ᠡᠳᠦᠷ ᠤᠨ ᠴᠠᠭ ᠢ ᠠᠰᠢᠭᠯᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠬᠦ᠂ ᠳᠤᠮᠳᠠ ᠪᠠᠭ᠎ᠠ | ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠳᠡᠢ ᠪᠡᠯᠡ ᠬᠤᠷᠠᠮᠳᠤᠭᠤᠯᠬᠤ ᠳᠤ ᠦᠨᠡᠲᠡᠢ | ᠪᠠᠶᠢᠬᠤ ᠠᠰᠠᠭᠤᠳᠠᠯ ᠢ ᠰᠢᠢᠳᠪᠦᠷᠢᠯᠡᠬᠦ᠂ ︽ᠬᠤᠶᠠᠷ ᠰᠢᠨ᠎ᠡ︾ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠪᠠ᠃ | ᠸᠠᠩ ᠯᠢ ᠰᠢᠶᠠ ᠡᠩ ᠲᠡᠷᠢᠭᠦᠨ ᠳᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠥᠬᠡᠬᠤᠲᠠ ᠶᠢᠨ ᠷᠦ᠋ ᠢ | ᠰᠠᠯᠪᠤᠷᠢ ᠪᠠᠩᠬᠢ ᠶᠢᠨ ᠵᠡᠬᠦᠨ ᠲᠤᠭᠤᠷᠢᠯ ᠵᠠᠮ ᠤᠨ ᠡᠵᠡᠩᠨᠡᠯᠲᠡ ᠶᠢᠨ ᠶᠡᠭᠡ ᠲᠢᠩᠬᠢᠮ ᠳᠤ ᠬᠦᠷᠴᠦ᠂ ᠵᠢᠭᠡᠯᠡᠯᠭᠡ | ᠠᠪᠬᠤ ᠪᠠᠷ ᠢᠷᠡᠭᠰᠡᠨ ᠠᠵᠤ ᠠᠬᠤᠶᠢᠯᠠᠯ ᠤᠨ ᠬᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠡᠳᠦᠶ ᠵᠣᠭᠤᠰ | ᠵᠢᠭᠡᠯᠡᠬᠦ ᠪᠠᠷ ᠲᠥᠯᠥᠪᠯᠡᠵᠦ ᠪᠠᠶᠢᠬᠤ ᠪᠣᠢ︖ ᠶᠡᠷᠦ ᠳᠡᠭᠡᠨ ᠬᠡᠲᠦ ᠤᠳᠠᠭ᠎ᠠ ᠭᠦᠶᠦᠳᠡᠭ ᠪᠣᠶ︖ ᠬᠢᠨᠠᠨ | ᠵᠥᠪᠰᠢᠶᠡᠷᠡᠬᠦ ᠳᠤ ᠬᠡᠳᠦᠶ ᠴᠠᠭ ᠬᠡᠷᠡᠭᠰᠡᠬᠦ ᠪᠤᠢ︖ ᠬᠦᠦ ᠨᠣᠷᠮ᠎ᠠ ᠨᠢ ᠬᠡᠳᠦᠶ ᠪᠣᠢ︖ ᠦᠢᠯᠡᠳᠪᠦᠷᠢᠯᠡᠯ | ᠡᠵᠡᠩᠨᠡᠯᠲᠡ ᠳᠤ ᠶᠠᠮᠠᠷ ᠬᠦᠴᠢᠷᠳᠡᠯ ᠲᠠᠢ ᠪᠣᠶ︖ ᠬᠡᠵᠦ ᠸᠠᠩ ᠯᠢ ᠰᠢᠶᠠ ᠮᠠᠰᠢ ᠨᠠᠷᠢᠯᠢᠬ ᠠᠰᠠᠭᠤᠪᠠ᠃ | ᠲᠠᠷᠠᠭ᠎ᠠ ᠨᠢ᠂ ᠸᠠᠩ ᠯᠢ ᠰᠢᠶᠠ ᠼᠤᠤ ᠳ᠋ᠦ᠋ ᠪᠡᠯᠴᠢᠭᠡᠷ ᠤᠨ ᠮᠠᠯ ᠠᠵᠤ ᠠᠬᠤᠢ ᠶᠢᠨ ᠺᠤᠮᠫᠠᠨᠢ᠂ ᠢ ᠹᠸᠢ | ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ᠂ ᠯᠢᠦᠢ ᡁᠢ ᠳ᠋ᠦᠸᠧ ᠠᠷᠠᠯᠵᠢᠶ᠎ᠠ | ᠬᠤᠳᠠᠯᠳᠤᠭᠠᠨ ᠤ ᠺᠤᠮᠫᠠᠨᠢ ᠵᠡᠷᠭᠡ 8 ᠠᠵᠤ ᠠᠬᠤᠶᠢᠯᠠᠯ ᠪᠣᠯᠤᠨ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠢᠨ ᠲᠠᠢ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠬᠢᠨ ᠤ ᠬᠦᠰᠡᠯ ᠱᠠᠭᠠᠷᠳᠠᠯᠭ᠎ᠠ ᠶᠢ | ᠰᠣᠨᠣᠰᠴᠤ᠂ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃ ᠲᠡᠷᠡ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠪᠠ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠲᠠᠢ ᠨᠢᠭᠡᠳᠭᠡᠵᠦ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠵᠢᠷᠭᠤᠭᠠᠨ ᠢᠨᠵᠧᠨᠧᠷᠢᠩ ᠢ ᠰᠠᠶᠢᠲᠤᠷ | ᠬᠡᠷᠡᠭᠵᠢᠭᠦᠯᠬᠦ᠂ ᠵᠢᠷᠭᠤᠭᠠᠨ ᠠᠵᠢᠯᠯᠠᠭ᠎ᠠ ᠶᠢ ᠰᠠᠶᠢᠲᠤᠷ ᠥᠷᠨᠢᠭᠦᠯᠬᠦ᠂ ᠠᠷᠪᠠᠨ ᠶᠡᠭᠡ ᠠᠵᠤ ᠦᠢᠯᠡᠰ ᠤᠨ | ᠪᠦᠯᠦᠭᠵᠢᠯ ᠢ ᠰᠠᠶᠢᠲᠤᠷ ᠪᠦᠳᠦᠭᠡᠨ ᠪᠠᠶᠢᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠠᠵᠤ | ᠠᠬᠤᠶᠢᠯᠠᠯ ᠢ ᠲᠣᠭᠲᠠᠪᠤᠷᠢᠵᠢᠭᠤᠯᠬᠤ ᠪᠣᠯ ᠳᠠᠷᠤᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ | ᠠᠮᠢᠳᠤᠷᠠᠯ ᠢ ᠲᠣᠭᠲᠠᠪᠤᠷᠢᠵᠢᠭᠤᠯᠬᠤ ᠶᠠᠪᠤᠳᠠᠯ ᠪᠣᠯᠤᠨ᠎ᠠ᠂ ᠠᠵᠤ ᠠᠬᠤᠶᠢᠯᠠᠯ ᠬᠦᠴᠢᠷᠳᠡᠯ ᠲᠠᠢ ᠦᠶ᠎ᠡ ᠳᠤ ᠵᠠᠰᠠᠭ ᠤᠨ | ᠣᠷᠳᠣᠨ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠠᠨᠠᠭᠠᠴᠢᠯᠠᠭ᠎ᠠ ᠠᠴᠠ ᠪᠠᠨ ᠬᠠᠪᠰᠤᠷᠴᠤ᠂ ᠵᠠᠰᠠᠭ ᠤᠨ | ᠤᠷᠳᠤᠨ ᠪᠠᠩᠬᠢ ᠠᠵᠤ ᠠᠬᠤᠶᠢᠯᠠᠯ ᠭᠠᠷ ᠬᠤᠯᠪᠣᠯᠴᠠᠨ ᠮᠡᠳᠡᠭᠡ ᠵᠠᠩᠭᠢ ᠲᠡᠩᠴᠡᠭᠦᠷᠢ ᠦᠬᠡᠢ᠂ ᠢᠲᠡᠭᠡᠮᠵᠢᠲᠦ | ᠵᠢᠭᠡᠯᠡᠯᠭᠡ ᠶᠢ ᠨᠠᠶᠢᠳᠠᠪᠤᠷᠢᠵᠢᠭᠤᠯᠬᠤ ᠳᠤ ᠬᠦᠴᠢᠷ᠂ ᠵᠢᠭᠡᠯᠡᠯᠭᠡ ᠶᠢᠨ ᠥᠪᠡᠷ ᠤᠨ ᠦᠷᠳᠡᠭ ᠥᠨᠳᠥᠷ ᠵᠡᠷᠭᠡ | ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠬᠡᠯᠡᠪᠡ᠃ ᠲᠡᠷᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠠᠵᠤ ᠠᠬᠤᠶᠢᠯᠠᠯ ᠢᠶᠠᠨ ᠨᠡᠩ ᠰᠠᠶᠢᠲᠤᠷ ᠡᠷᠬᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ | ᠵᠣᠷᠢᠭᠵᠢᠭᠤᠯᠪᠠ᠃ ᠠᠵᠤ ᠠᠬᠤᠶᠢᠯᠠᠯ ᠤᠨ ᠳᠤᠷᠠᠳᠤᠭᠰᠠᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ᠂ | ᠵᠢᠬᠡᠯᠡᠯᠬᠡ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠵᠡᠷᠭᠡ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠲᠡᠷᠡ | ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠢᠢᠳᠪᠦᠷᠢᠯᠡᠬᠦ ᠠᠷᠭ᠎ᠠ ᠶᠢ ᠰᠤᠳᠤᠯᠤᠨ ᠳᠤᠷᠠᠳᠴᠤ᠂ ᠠᠯᠢ | ᠲᠦᠷᠭᠡᠨ ᠢᠶᠠᠷ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ | ᠲᠤᠰ ᠦᠳᠡ ᠶᠢᠨ ᠬᠤᠶᠢᠨ᠎ᠠ᠂ ᠸᠠᠩ ᠯᠢ ᠰᠢᠶᠠ ᠶᠢᠨ ᠱᠧᠩ ᠤᠯᠠᠨ ᠤᠯᠤᠰ ᠤᠨ ᠭᠡᠷ ᠤᠨ ᠡᠳ᠋ᠯᠡᠯ | ᠬᠡᠷᠡᠭᠰᠡᠯ ᠤᠨ ᠬᠤᠳᠠᠯᠳᠤᠭᠠᠨ ᠤ ᠲᠠᠯᠠᠪᠠᠢ ᠪᠠ ᠯᠢ ᠹᠧᠩ ᠮᠠᠰᠢᠨ ᠲᠡᠷᠭᠡᠨ ᠤ ᠮᠡᠷᠭᠡᠵᠢᠯ ᠤᠨ ᠦᠢᠯᠡᠴᠢᠯᠡᠭᠡᠨ ᠤ | ᠬᠦᠷᠢᠶᠡᠯᠡᠩ ᠳᠤ ᠬᠦᠷᠴᠦ᠂ ᠬᠤᠳᠠᠯᠳᠤᠭᠠᠴᠢᠳ ᠲᠠᠢ ᠰᠠᠨᠠᠯ ᠢᠶᠠᠨ ᠰᠣᠯᠢᠯᠴᠠᠵᠤ᠂ ᠭᠡᠷ ᠤᠨ ᠡᠳ᠋ᠯᠡᠯ ᠬᠡᠷᠡᠭᠰᠡᠯ᠂ | ᠪᠠᠷᠢᠯᠭ᠎ᠠ ᠶᠢᠨ ᠮᠠᠲ᠋ᠧᠷᠢᠶᠠᠯ᠂ ᠭᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ ᠵᠡᠷᠭᠡ ᠠᠵᠢᠯ ᠲᠦᠷᠦᠯ ᠤᠨ | ᠪᠣᠷᠣᠯᠠᠭᠤᠯᠭ᠎ᠠ ᠡᠵᠡᠩᠨᠡᠯᠲᠡ ᠵᠢᠴᠢ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠯᠢᠬ ᠣᠶᠢᠯᠠᠭᠠᠪᠠ᠃ ᠳᠠᠷᠠᠭ᠎ᠠ ᠨᠢ ᠸᠠᠩ ᠯᠢ ᠰᠢᠶᠠ | ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ᠂ | ᠤᠯᠤᠰ ᠤᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠠᠰᠢᠭᠯᠠᠵᠤ᠂ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠣᠯᠠᠨ ᠲᠦᠮᠡᠨ ᠳᠤ ᠲᠥᠷᠥ ᠶᠢᠨ | ᠪᠣᠳᠣᠯᠭ᠎ᠠ ᠶᠢ ᠮᠡᠳᠡᠭᠦᠯᠵᠦ᠂ ᠪᠣᠳᠠᠲᠤ ᠠᠰᠢᠭ ᠬᠦᠷᠲᠡᠭᠡᠬᠦ ᠬᠡᠷᠡᠭᠲᠡᠶ᠃ ᠬᠡᠷᠡᠭᠯᠡᠭᠴᠢᠳ ᠤᠨ ᠬᠡᠷᠡᠭᠴᠡᠭᠡ ᠠᠴᠠ | ᠡᠭᠦᠰᠴᠦ᠂ ᠨᠥᠬᠦᠪᠥᠷᠢ ᠶᠢᠨ ᠲᠥᠷᠥᠯ ᠵᠦᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ | ᠨᠥᠬᠦᠪᠥᠷᠢ ᠣᠯᠭᠤᠬᠤ ᠠᠷᠭ᠎ᠠ ᠬᠡᠮᠵᠢᠶ᠎ᠡ ᠪᠠ ᠬᠢᠨᠠᠨ ᠬᠠᠷᠭᠤᠭᠤᠯᠬᠤ ᠲᠡᠰ ᠲᠠᠷᠠᠭᠠᠯᠠᠯ ᠢ ᠲᠡᠭᠦᠯᠳᠡᠷᠵᠢᠭᠦᠯᠦᠨ᠂ ᠪᠡᠯᠡ | ᠮᠥᠩᠭᠦ ᠣᠯᠭᠤᠬᠤ ᠳᠤ ᠢᠯᠭᠤᠮ ᠪᠥᠭᠡᠳ ᠲᠦᠷᠭᠡᠨ ᠪᠠᠶᠢᠬᠤ ᠶᠢ ᠦᠨᠡᠨ ᠬᠦ ᠪᠠᠲᠤᠯᠠᠵᠤ᠂ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠬᠠᠵᠠᠭᠤ ᠳᠤ ᠰᠢᠭᠤᠳ ᠬᠦᠷᠭᠡᠬᠦ ᠬᠡᠷᠡᠭᠲᠡᠶ᠃ ᠣᠷᠢᠳᠡᠪᠡᠷ ᠦᠨ᠎ᠡ ᠶᠢ | ᠥᠰᠭᠡᠵᠦ ᠳᠠᠷᠠᠭ᠎ᠠ ᠨᠢ ᠨᠥᠬᠦᠪᠥᠷᠢ ᠥᠭᠬᠦ᠂ ᠲᠣᠭᠲᠠᠭᠠᠯ ᠠᠴᠠ ᠵᠥᠷᠢᠴᠡᠨ ᠨᠥᠬᠦᠪᠥᠷᠢ ᠶᠢ ᠮᠡᠬᠡᠯᠡᠨ ᠠᠪᠬᠤ ᠵᠡᠷᠭᠡ | ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ | ᠪᠣᠯᠭᠠᠬᠤ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠠᠰᠠᠭᠤᠳᠠᠯ ᠢ | ᠢᠯᠡᠷᠡᠭᠦᠯᠪᠡᠯ ᠴᠠᠭ ᠲᠤᠬᠠᠶ ᠳᠤᠨᠢ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢ ᠪᠦᠲᠦᠮᠵᠢᠲᠡᠶ | ᠪᠣᠳᠠᠲᠠᠶᠢᠵᠢᠭᠤᠯᠬᠤ ᠶᠢ ᠠᠬᠢᠭᠤᠯᠤᠨ᠂ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ | ᠬᠡᠷᠡᠭᠲᠡᠢ ᠭᠡᠪᠡ᠃ |