ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ ᠠᠷᠠᠳ ᠲᠦᠮᠡᠨ ᠤ ᠡᠷᠡᠭᠦᠯ ᠮᠡᠨᠳᠦ ᠶᠢ ᠪᠦᠬᠦ ᠲᠠᠯ᠎ᠠ ᠪᠠᠷ ᠪᠠᠲᠤᠯᠠᠨ᠎ᠠ
ᠨᠡᠶᠢᠲᠡᠯᠡᠭᠰᠡᠨ ᠴᠠᠭ᠄
2025/4/14
    ᠣᠶᠢᠷ᠎ᠠ ᠳᠤ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠹᠠ ᠷᠦᠩ ᠰᠤᠷᠪᠤᠯᠵᠢᠯᠠᠭ᠎ᠠ ᠬᠦᠯᠢᠶᠡᠬᠦ ᠳᠡᠭᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠪᠠ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠭᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠠᠷᠠᠳ ᠲᠦᠮᠡᠨ ᠢᠶᠠᠷ ᠭᠤᠤᠯ ᠪᠣᠯᠭᠠᠬᠤ᠂ ᠡᠷᠡᠭᠦᠯ ᠮᠡᠨᠳᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ ᠬᠠᠮᠤᠭ ᠠᠴᠠ ᠬᠦᠰᠡᠵᠦ ᠪᠠᠶᠢᠭ᠎ᠠ ᠭᠠᠵᠠᠷ ᠠᠴᠠ ᠭᠠᠷᠳᠠᠨ᠂ ᠠᠷᠠᠳ ᠣᠯᠠᠨ ᠤ ᠠᠰᠢᠭ ᠲᠤᠰᠠ ᠲᠠᠢ ᠰᠢᠭᠤᠳ ᠬᠤᠯᠪᠤᠭᠳᠠᠭᠰᠠᠨ ᠪᠤᠳᠠᠳᠠᠢ ᠠᠰᠠᠭᠤᠳᠠᠯ ᠠᠴᠠ ᠡᠬᠢᠯᠡᠨ ᠥᠭᠡᠷᠡᠴᠢᠯᠡᠵᠦ᠂ ᠪᠥᠬᠦ ᠠᠶᠢᠮᠠᠭ ᠤᠨ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠢ ᠦᠷᠭᠦᠯᠵᠢᠯᠡᠨ ᠨᠡᠮᠡᠭᠳᠡᠬᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠡᠶ᠃    2023 ᠣᠨ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ ︽ᠲᠠᠪᠴᠠᠩ ᠤᠨ ᠬᠡᠯᠪᠡᠷᠢ ᠶᠢᠨ ᠡᠮᠨᠡᠯᠭᠡ ᠶᠢᠨ ᠬᠤᠷᠢᠶᠠᠨ ᠤ ᠲᠠᠰ ᠳᠠᠪᠬᠤᠷᠭ᠎ᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠨᠠᠩ ᠣᠯᠠᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠣᠯᠠᠨ ᠲᠦᠮᠡᠨ ᠳᠤ ᠬᠡᠷ ᠤᠨ ᠬᠢᠨᠢ ᠤᠶᠢᠷᠠᠯᠴᠠᠭ᠎ᠠ ᠲᠣᠮᠣ ᠡᠮᠨᠡᠯᠭᠡ ᠶᠢᠨ ᠬᠤᠷᠢᠶᠠᠨ ᠤ ᠨᠠᠷᠠᠲᠤ ᠲᠤᠰᠬᠠᠶ ᠮᠡᠷᠭᠡᠵᠢᠯᠲᠡᠨ ᠤ ᠣᠨᠣᠰᠢᠯᠠᠨ ᠡᠮᠨᠡᠬᠦ ᠦᠢᠯᠡᠴᠢᠯᠡᠭᠡ ᠶᠢ ᠬᠦᠷᠳᠡᠬᠡᠬᠦ︾ ᠠᠵᠢᠯ ᠤᠨ ᠪᠠᠶᠢᠷᠢᠯᠠᠭᠤᠯᠤᠯᠲᠠ ᠶᠤᠰᠤᠭᠠᠷ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠢᠩᠰᠢᠶᠠ ᠵᠡᠷᠭᠡ ᠭᠠᠵᠠᠷ ᠤᠨ ᠲᠣᠮᠣ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠬᠤ ᠬᠠᠷᠢᠴᠠᠭ᠎ᠠ ᠪᠠᠨ ᠦᠷᠭᠦᠯᠵᠢᠯᠡᠨ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠯᠠᠨᠵᠧᠦ᠂ ᠹᠦᠵᠧᠦ᠂ ᠪᠡᠭᠡᠵᠢᠩ᠂ ᠦᠬᠠᠶ᠂ ᠹᠦᠸᠧ ᠱᠠᠨ ᠵᠡᠷᠭᠡ ᠭᠠᠵᠠᠷ ᠲᠠᠢ ᠬᠠᠷᠢᠴᠠᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠬᠤ ᠳᠠᠯᠳᠠ ᠬᠦᠴᠦᠨ ᠢ ᠠᠭᠤᠳᠠᠯᠪᠠ᠃ ᠤᠳᠤ ᠪᠤᠯᠬᠤ ᠳᠤ᠂ ᠪᠥᠬᠦ ᠠᠶᠢᠮᠠᠭ ᠤᠨ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠨᠢ ᠣᠷᠣᠨ ᠤ ᠲᠤᠳᠤᠨ᠎ᠠ ᠭᠠᠳᠠᠨᠠᠬᠢ ᠭᠤᠷᠪᠠᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠲᠠᠢ ᠲᠤᠬᠠᠶᠢᠯᠠᠭᠰᠠᠨ ᠠᠵᠢᠯ ᠤᠨ ᠨᠢᠭᠲᠠ ᠬᠠᠷᠢᠯᠴᠠᠭ᠎ᠠ ᠪᠠᠶᠢᠭᠤᠯᠵᠤ᠂ ᠡᠮᠨᠡᠯᠭᠡ ᠶᠢᠨ ᠬᠤᠷᠢᠶᠠᠨ ᠤ ᠬᠤᠭᠤᠷᠣᠨᠳᠣᠬᠢ 28 ᠬᠤᠪᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ 128 ᠡᠷᠬᠡ ᠰᠦᠷᠲᠦ ᠲᠤᠰᠬᠠᠶ ᠮᠡᠷᠭᠡᠵᠢᠯᠲᠡᠨ ᠢ ᠣᠨᠴᠠᠭᠠᠶᠢᠯᠠᠨ ᠤᠷᠢᠪᠠ᠃ ᠡᠨᠡ ᠵᠢᠯ ᠠᠴᠠ ᠨᠠᠭᠠᠰᠢ᠂ ᠣᠨᠴᠠ ᠤᠷᠢᠭᠰᠠᠨ ᠲᠤᠰᠬᠠᠶ ᠮᠡᠷᠭᠡᠵᠢᠯᠲᠡᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ 768 ᠤᠳᠠᠭ᠎ᠠ ᠡᠮᠴᠢᠯᠡᠭᠡ ᠶᠢᠨ ᠠᠵᠢᠯ ᠬᠢᠵᠦ᠂ 22292 ᠬᠥᠮᠦᠨ ︵ᠤᠳᠠᠭ᠎ᠠ︶ ᠳᠤ ᠦᠢᠯᠡᠴᠢᠯᠡᠨ ᠂ 794 ᠤᠳᠠᠭ᠎ᠠ ᠮᠡᠰᠡ ᠵᠠᠰᠠᠯ ᠬᠢᠵᠦ᠂ 261 ᠬᠦᠴᠢᠷ ᠲᠦᠪᠡᠭᠲᠡᠶ ᠡᠪᠡᠳᠴᠢᠨ ᠢ ᠰᠢᠢᠳᠪᠦᠷᠢᠯᠡᠨ᠂ 33 ᠰᠢᠨ᠎ᠡ ᠮᠡᠷᠭᠡᠵᠢᠯ ᠰᠢᠨ᠎ᠡ ᠲᠤᠬᠠᠶᠢᠯᠠᠭᠰᠠᠨ ᠠᠵᠢᠯ ᠢ ᠥᠷᠨᠢᠭᠦᠯᠵᠦ᠂ ᠣᠯᠠᠨ ᠵᠦᠢᠯ ᠤᠨ ᠮᠡᠷᠭᠡᠵᠢᠯ ᠤᠨ ᠬᠤᠭᠤᠰᠣᠨ ᠢ ᠨᠦᠬᠦᠪᠦᠷᠢᠯᠡᠨ᠂ ᠭᠠᠵᠠᠷ ᠣᠷᠣᠨ ᠤ ᠡᠮᠴᠢᠯᠡᠭᠡᠨ ᠤ ᠮᠡᠷᠭᠡᠵᠢᠯ ᠢ ᠳᠡᠭᠡᠭᠰᠢᠯᠡᠭᠦᠯᠪᠡ᠃ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠨᠢ ᠤᠷᠢᠳ ᠬᠤᠵᠢᠳ ᠤᠯᠤᠰ ᠤᠨ ᠨᠠᠷᠠᠲᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠤᠮᠢᠶ᠎ᠠ᠂ ᠬᠠᠩᠭᠠᠶᠢᠪᠠᠭᠠᠲᠤᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠷᠠᠲᠤ ᠮᠣᠩᠭᠤᠯ ᠡᠮᠴᠢ ᠬᠠᠰᠪᠠᠭᠠᠨ᠎ᠠ᠂ ᠶᠣᠣ ᠬᠠᠰ ᠵᠡᠷᠬᠡ ᠳᠦᠷᠪᠡᠨ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ ᠢ ᠪᠠᠶᠢᠭᠤᠯᠵᠤ᠂ ᠥᠪᠥᠷ ᠮᠣᠩᠭᠤᠯ ᠤᠨ ᠬᠢᠲᠠᠳ ᠮᠣᠩᠭᠤᠯ ᠡᠮ ᠡᠮᠨᠡᠯᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠡᠶᠢᠭᠡᠮᠯᠢᠭ᠂ ᠦᠬᠠᠶ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠨ ᠬᠠᠮᠲᠤᠷᠠᠯᠴᠠᠬᠤ ᠵᠠᠭᠪᠤᠷ ᠢ ᠰᠢᠨ᠎ᠡ ᠪᠠᠷ ᠡᠭᠦᠳᠪᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠵᠤ᠂ 4 ᠲᠥᠷᠥᠯ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠤᠳᠤᠯᠭᠠᠨ ᠤ ᠲᠥᠷᠥᠯ ᠵᠦᠢᠯ ᠨᠢ ᠪᠥᠬᠦ ᠠᠶᠢᠮᠠᠭ ᠤᠨ ᠰᠢᠨᠵᠢᠯᠡᠭᠡ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠳᠤ ᠰᠣᠩᠭᠤᠭᠳᠠᠪᠠ᠃ 4 ᠵᠦᠢᠯ ᠤᠨ ᠮᠡᠷᠭᠡᠵᠢᠯ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠳᠡᠯᠭᠡᠷᠡᠭᠦᠯᠬᠦ ᠭᠠᠷᠴᠠᠭ ᠲᠤ ᠵᠢᠭᠰᠠᠭᠠᠭᠳᠠᠨ᠂ 2 ᠵᠦᠢᠯ ᠤᠨ ᠡᠮᠨᠡᠬᠦ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠡᠮᠨᠡᠬᠦ ᠠᠷᠭ᠎ᠠ ᠶᠢᠨ ᠨᠡᠷᠡᠰ ᠤᠨ ᠵᠢᠭᠰᠠᠭᠠᠯᠲᠠ ᠳᠤ ᠤᠷᠤᠵᠤ᠂ 3 ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠨᠢ ᠲᠣᠰ ᠲᠣᠰ ᠳᠤᠮᠳᠠᠳᠤ ᠤᠯᠤᠰ ᠤᠨ ᠦᠨᠳᠦᠰᠦᠲᠡᠨ ᠤ ᠡᠮ ᠡᠮᠨᠡᠯᠭᠡ ᠶᠢᠨ ᠨᠡᠶᠢᠭᠡᠮᠯᠢᠭ ᠤᠨ ᠰᠢᠨᠵᠢᠯᠡᠭᠡ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠪᠠ ᠭᠤᠷᠪᠠᠳᠤᠭᠠᠷ ᠳᠡᠰ ᠤᠨ ᠱᠠᠩᠨᠠᠯ ᠢ ᠭᠥᠷᠳᠡᠵᠡᠢ᠃ ᠡᠵᠡᠨ᠎ᠡ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠰᠢᠨ᠎ᠡ ᠪᠠᠷ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠠᠰᠠᠷ ᠠᠰᠢᠭᠯᠠᠯᠲᠠ ᠳᠤ ᠣᠷᠣᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃    ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ 12 ᠲᠥᠷᠥᠯ ᠤᠨ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠥᠮᠦᠨ ᠳᠤᠮᠳᠠᠴᠢ ᠶᠢᠨ ᠨᠥᠬᠦᠪᠥᠷᠢ ᠶᠢᠨ ᠪᠠᠷᠢᠮᠵᠢᠶ᠎ᠠ 85 ᠲᠥᠭᠦᠷᠢᠭ ᠲᠤ ᠬᠦᠷᠴᠦ᠂ ᠭᠤᠤᠯᠳᠠᠯᠭ᠎ᠠ ᠲᠠᠢ ᠬᠥᠮᠦᠰ ᠤᠨ ᠬᠡᠷ ᠪᠦᠯᠢ ᠶᠢᠨ ᠡᠮᠴᠢ ᠲᠠᠢ ᠭᠡᠷ᠎ᠡ ᠲᠣᠭᠲᠠᠭᠰᠠᠨ ᠨᠣᠷᠮ᠎ᠠ 85.56% ᠳᠤ ᠬᠥᠷᠪᠡ︔ ᠨᠡᠶᠢᠭᠡᠮ ᠲᠣᠭᠤᠷᠢᠭ ᠲᠤ ︽ᠭᠡᠷ ᠪᠦᠯᠢ ᠶᠢᠨ ᠡᠮᠴᠢ ᠶᠢᠨ ᠠᠵᠢᠯᠯᠠᠬᠤ ᠲᠠᠰᠤᠭ · ᠡᠷᠡᠭᠦᠯ ᠮᠡᠨᠳᠦ ᠶᠢᠨ ᠥᠷᠲᠡᠭᠡ︾ ᠶᠢ ᠪᠠᠶᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠪᠡ᠃ ᠣᠲᠣ ᠪᠣᠯᠲᠠᠯ᠎ᠠ᠂ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠣᠨ ᠤ ᠡᠭᠦᠷᠭᠡ ᠪᠠᠨ ᠨᠢᠭᠡᠨᠲᠡ ᠳᠠᠪᠠᠭᠤᠯᠤᠨ ᠪᠡᠶᠡᠯᠡᠭᠦᠯᠵᠦ᠂ ᠪᠥᠬᠦ ᠠᠶᠢᠮᠠᠭ ᠤᠨ 9  ᠸᠠᠯᠧᠨ᠋ᠲᠳᠣ HPV ᠸᠠᠺᠼᠢᠨ ᠢ ᠭᠥᠯᠢᠶᠡᠨ ᠠᠪᠬᠤ ᠶᠢ ᠪᠡᠶᠡᠯᠡᠭᠦᠯᠪᠡ᠃ ᠠᠶᠢᠮᠠᠭ᠂ ᠬᠤᠰᠢᠭᠤ ᠬᠤᠶᠠᠷ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠥᠪ ᠢ ᠪᠠᠶᠢᠭᠤᠯᠤᠨ᠂ ᠭᠤᠷᠪᠠᠨ ᠱᠠᠲᠤᠨ ᠤ ᠸᠢᠳᠢᠣ᠋ ᠪᠠᠷ ᠵᠥᠪᠳᠡᠯᠴᠡᠬᠦ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠤᠯᠤᠰ ᠤᠨ ᠬᠠᠯᠳᠠᠪᠤᠷᠢᠲᠤ ᠡᠪᠡᠳᠴᠢᠨ ᠢ ᠤᠶᠤᠨᠴᠢᠯᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠤᠷᠢᠳᠠᠴᠢ ᠵᠥᠭᠡᠯᠡᠨ ᠲᠣᠨᠤᠭ ᠤᠨ ᠪᠠᠶᠢᠷᠢᠯᠠᠭᠤᠯᠤᠯᠲᠠ ᠶᠢᠨ ᠠᠵᠢᠯ ᠢ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠠᠯᠪᠤᠷᠢ ᠪᠠᠭ᠎ᠠ ᠠᠩᠭᠢ ᠶᠢ ᠪᠠᠶᠢᠭᠤᠯᠤᠨ᠂ ᠠᠷᠤ ᠲᠠᠯ᠎ᠠ ᠶᠢᠨ ᠪᠠᠲᠤᠯᠠᠭ᠎ᠠ ᠶᠢᠨ ᠲᠥᠷᠥᠯ᠂ ᠲᠤᠬᠠᠶᠢᠯᠠᠭᠰᠠᠨ ᠠᠵᠢᠯ ᠵᠡᠷᠭᠡ ᠲᠣᠨᠤᠭ ᠲᠥᠬᠦᠭᠡᠷᠦᠮᠵᠢ ᠡᠳ᠋ ᠪᠣᠳᠠᠰ ᠢ ᠲᠣᠬᠢᠷᠠᠭᠤᠯᠵᠤ᠂ ᠦᠨᠳᠦᠰᠦᠨ ᠱᠠᠲᠤᠨ ᠤ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠤᠰᠬᠠᠶᠢᠵᠢᠯᠲᠠ᠂ ᠪᠠᠷᠢᠮᠵᠢᠶᠠᠵᠢᠭᠤᠯᠤᠯᠲᠠ ᠶᠢ ᠪᠡᠶᠡᠯᠡᠬᠦᠯᠦᠨ᠂ ᠡᠯ᠎ᠡ ᠲᠥᠷᠥᠯ ᠤᠨ ᠭᠡᠨᠡᠳᠲᠡ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠬᠠᠶ ᠶᠢᠨ ᠲᠠᠯᠠᠪᠤᠷ ᠲᠤ ᠤᠷᠢᠳᠠᠪᠠᠷ ᠰᠢᠢᠳᠪᠦᠷᠢᠯᠡᠬᠦ ᠬᠡᠷᠡᠭᠴᠡᠭᠡ ᠶᠢ ᠬᠠᠩᠭᠠᠵᠡᠢ᠃    ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ 4 ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠵᠠᠯᠭᠠᠭ᠎ᠠ ᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ︽ᠰᠦᠯᠵᠢᠶᠡᠨ ᠭᠠᠳᠠᠨ᠎ᠠ ᠠᠩᠬ᠎ᠠ ᠣᠨᠣᠰᠢᠯᠠᠵᠤ᠂ ᠰᠦᠯᠵᠢᠶᠡᠨ ᠳᠡᠭᠡᠷ᠎ᠡ ᠳᠠᠬᠢᠨ ᠡᠮᠨᠡᠭᠦᠯᠬᠦ︾ ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠳᠡᠯᠬᠡᠷᠡᠬᠦᠯᠦᠨ᠂ ᠪᠣᠯᠵᠣᠨ ᠡᠮᠨᠡᠭᠦᠯᠬᠦ᠂ ᠰᠢᠭᠤᠳ ᠡᠮᠨᠡᠭᠦᠯᠬᠦ᠂ ᠡᠮᠴᠢᠯᠡᠭᠡᠨ ᠤ ᠲᠠᠰᠤᠯᠭ᠎ᠠ ᠳᠤ ᠳ᠋ᠦᠩᠨᠡᠨ ᠪᠤᠳᠤᠬᠤ᠂ ᠰᠢᠯᠵᠢᠮᠡᠯ ᠲᠣᠭᠠᠴᠠᠭ᠎ᠠ ᠬᠢᠬᠦ᠂ ᠡᠮᠨᠡᠯᠭᠡ ᠶᠢᠨ ᠬᠤᠷᠢᠶᠠᠨ ᠳᠤ ᠵᠠᠮᠴᠢᠯᠠᠬᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠦᠷᠭᠡᠬᠦ᠂ ᠡᠮ ᠤᠨ ᠵᠦᠢᠯ ᠢ ᠳᠣᠭᠢᠷᠠᠭᠤᠯᠤᠨ ᠬᠦᠷᠭᠡᠬᠦ ᠵᠡᠷᠭᠡ ᠳᠥᠭᠦᠮ ᠳᠥᠲᠡ ᠦᠢᠯᠡᠴᠢᠯᠡᠭᠡ ᠬᠠᠩᠭᠠᠪᠠ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠵᠦ ᠬᠠᠮᠲᠤ ᠪᠠᠷ ᠡᠳ᠋ᠯᠡᠬᠦ ᠶᠢ ᠠᠬᠢᠭᠤᠯᠵᠤ᠂ ᠣᠲᠣ ᠪᠣᠯᠲᠠᠯ᠎ᠠ᠂ ᠪᠥᠬᠦ ᠠᠶᠢᠮᠠᠭ ᠤᠨ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ 10 ᠡᠮᠨᠡᠯᠭᠡ ᠶᠢᠨ ᠬᠤᠷᠢᠶ᠎ᠠ ᠪᠥᠬᠦ ᠣᠷᠣᠨ ᠤ 455 ᠵᠦᠢᠯ᠂ ᠠᠶᠢᠮᠠᠭ ᠤᠨ ᠳᠣᠲᠣᠷᠠᠬᠢ 318 ᠵᠦᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠵᠦ᠂ ᠡᠪᠡᠳᠴᠢᠲᠡᠨ ᠢ ᠳᠠᠬᠢᠨ ᠳᠠᠪᠲᠠᠨ ᠪᠠᠶᠢᠴᠠᠭᠠᠬᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠠᠶᠢᠮᠠᠭ ᠤᠨ ᠬᠤᠶᠠᠳᠤᠭᠠᠷ ᠲᠠᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ ᠳᠤᠬᠢᠷᠠᠭᠤᠯᠤᠭᠰᠠᠨ ᠨᠣᠷᠮ᠎ᠠ 80% ᠳᠤ ᠬᠦᠷᠴᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠰᠠᠯᠠᠭ᠎ᠠ᠂ ᠡᠪᠡᠳᠬᠦ ᠶᠢ ᠨᠠᠮᠳᠠᠭᠠᠬᠤ ᠰᠠᠯᠠᠭ᠎ᠠ ᠪᠤᠶᠤ ᠡᠪᠡᠳᠴᠢᠯᠡᠬᠦ ᠠᠴᠠ ᠡᠮᠦᠨ᠎ᠡ ᠡᠮᠨᠡᠨ ᠵᠠᠰᠠᠬᠤ ᠰᠠᠯᠠᠭ᠎ᠠ ᠶᠢ ᠪᠠᠶᠢᠷᠢᠯᠠᠭᠤᠯᠤᠭᠰᠠᠨ ᠨᠣᠷᠮ᠎ᠠ ᠨᠢ 100% ᠳᠤ ᠬᠦᠷᠴᠦ᠂ ᠨᠠᠰᠤᠲᠠᠶᠢᠴᠤᠳ ᠤᠨ ᠨᠥᠬᠦᠷᠰᠡᠭ ᠡᠮᠴᠢᠯᠡᠭᠡᠨ ᠤ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ 89.6% ᠳᠤ ᠬᠦᠷᠴᠦ᠂ ᠨᠠᠰᠤᠲᠠᠶᠢᠴᠤᠳ ᠤᠨ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ ᠰᠠᠭᠠᠳ ᠥᠬᠡᠶ ᠨᠡᠪᠲᠡᠷᠡᠬᠦ ᠵᠠᠮ ᠤᠨ ᠪᠠᠶᠢᠷᠢᠯᠠᠭᠤᠯᠤᠯᠲᠠ ᠶᠢᠨ ᠨᠣᠷᠮ᠎ᠠ 90% ᠠᠴᠠ ᠳᠡᠭᠡᠭᠰᠢ ᠳᠤ ᠬᠦᠷᠴᠡᠢ᠃ ︽ᠢᠨᠲ᠋ᠧᠷ ᠰᠦᠯᠵᠢᠶᠡᠨ ᠤ ᠰᠤᠪᠢᠯᠠᠯᠲᠠ ᠶᠢᠨ ᠦᠢᠯᠡᠴᠢᠯᠡᠭᠡ︾ ᠶᠢᠨ ᠲᠤᠷᠰᠢᠯᠲᠠ ᠶᠢᠨ ᠴᠡᠭ ᠪᠠ ᠳᠡᠯᠭᠡᠷᠡᠭᠦᠯᠬᠦ ᠠᠵᠢᠯ ᠢ ᠢᠳᠡᠪᠬᠢᠲᠡᠶ ᠥᠷᠨᠢᠭᠦᠯᠵᠦ᠂ ᠡᠪᠡᠳᠴᠢᠲᠡᠨ ᠪᠤᠶᠤ ᠣᠨᠴᠠᠭᠠᠶ ᠬᠥᠮᠦᠰ ᠲᠤ ᠲᠤᠰᠬᠠᠶ ᠮᠡᠷᠭᠡᠵᠢᠯ ᠤᠨ ᠰᠤᠪᠢᠯᠠᠯᠲᠠ ᠶᠢᠨ ᠦᠢᠯᠡᠴᠢᠯᠡᠭᠡ ᠬᠠᠩᠭᠠᠵᠦ᠂ ᠣᠳᠣᠬᠠᠨ ᠳᠤ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠢᠨᠲ᠋ᠧᠷ ᠰᠦᠯᠵᠢᠶᠡᠨ ᠤ ᠰᠤᠪᠢᠯᠠᠯᠲᠠ ᠶᠢᠨ ᠦᠢᠯᠡᠴᠢᠯᠡᠭᠡ 27 ᠵᠦᠢᠯ ᠢ ᠬᠠᠩᠭᠠᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号