4 ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ | ᠪᠠᠶ ᠬᠠᠶ ᠯᠢᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ | ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠳ᠋ᠢᠩ ᠵᠢᠶᠦ᠋ᠨ ᠲᠠᠢ ᠠᠭᠤᠯᠵᠠᠪᠠ᠃ | | | | | | | | | | | | | ᠪᠠᠶ ᠬᠠᠶ ᠯᠢᠨ ᠳ᠋ᠢᠩ ᠵᠢᠶᠦ᠋ᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠪᠥᠲᠥᠭᠡᠨ | ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠣᠷᠳᠣ ᠬᠤᠭᠤᠴᠠᠭᠠᠨ ᠤ ᠲᠤᠷᠰᠢ | ᠠᠯᠠᠱᠠ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ | ᠣᠳᠣᠬᠠᠨ ᠳᠤ ᠠᠯᠠᠱᠠ ᠶᠠᠭ ᠬᠦᠴᠦ ᠪᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ | ᠵᠢᠷᠭᠤᠭᠠᠨ ᠠᠵᠢᠯᠯᠠᠭ᠎ᠠ︾ ᠪᠠᠷ ᠬᠥᠲᠥᠯᠦᠮᠵᠢ ᠪᠣᠯᠭᠠᠵᠤ᠂ ︽ᠨᠢᠭᠡ ᠵᠢᠱᠢᠶ᠎ᠡ ᠦᠵᠡᠭᠦᠯᠬᠦ ᠠᠶᠢᠮᠠᠭ︾ ᠢ ᠲᠦᠷᠭᠡᠨ | ᠪᠠᠶᠢᠭᠤᠯᠵᠤ᠂ ︽ᠲᠠᠪᠤᠨ ᠶᠡᠭᠡ ᠰᠠᠭᠤᠷᠢᠨ︾ ᠢ ᠴᠣᠭᠴᠠᠯᠠᠵᠤ᠂ ︽ᠲᠤᠯᠤᠭᠠᠨ ᠶᠡᠭᠡ ᠢᠨᠵᠧᠨᠧᠷᠢᠩ︾ ᠢ | ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ | ᠠᠬᠢᠭᠤᠯᠵᠤ ᠪᠠᠶᠢᠨ᠎ᠠ᠃ ᠥᠪᠥᠷ ᠮᠣᠩᠭᠤᠯ ᠤᠨ ᠬᠤᠪᠢᠶᠠᠷᠢ ᠪᠠᠩᠬᠢ ᠬᠤᠶᠠᠷ ᠲᠠᠯ᠎ᠠ ᠶᠢᠨ ᠰᠠᠶᠢᠨ ᠰᠠᠶᠢᠬᠠᠨ | ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠭᠤᠷᠪᠠᠨ ᠠᠵᠤ ᠦᠢᠯᠡᠰ ᠤᠨ ᠬᠥᠭᠵᠢᠯᠲᠡ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠵᠡᠷᠭᠡ | ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ | ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ | ᠳ᠋ᠢᠩ ᠵᠢᠶᠦ᠋ᠨ᠂ ᠥᠪᠥᠷ ᠮᠣᠩᠭᠤᠯ ᠤᠨ ᠬᠤᠪᠢᠶᠠᠷᠢ ᠪᠠᠩᠬᠢ ᠠᠯᠠᠱᠠ ᠶᠢᠨ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠭᠵᠢᠯᠲᠡ ᠶᠢᠨ | ᠬᠡᠷᠡᠭᠴᠡᠭᠡ ᠶᠢ ᠭᠦᠨᠵᠡᠭᠡᠶ ᠵᠣᠯᠭᠠᠭᠤᠯᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠨᠠᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠠᠯᠠᠱᠠ ᠶᠢᠨ ᠴᠢᠨᠠᠷ | ᠰᠠᠶᠢᠲᠠᠶ ᠬᠥᠭᠵᠢᠯᠲᠡ ᠳᠤ ᠨᠠᠩ ᠣᠯᠠᠨ ︽ᠮᠥᠩᠭᠦᠨ ᠭᠦᠢᠯᠭᠡᠭᠡᠨ ᠤ ᠢᠳᠡᠪᠬᠢᠵᠢᠯ︾ ᠨᠡᠮᠡᠷᠢᠯᠡᠬᠦ ᠪᠠᠷ ᠴᠢᠷᠮᠠᠶᠢᠨ᠎ᠠ | ᠭᠡᠪᠡ᠃ |