ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/14
     4 ᠰᠠᠷ᠎ᠠ ᠶᠢᠨ 10 ᠤ ᠡᠳᠦᠷ᠂ ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃     ᠬᠤᠷᠠᠯ ᠳᠤ ᠲᠥᠪ ᠤᠨ ᠨᠠᠢᠮᠠᠨ ᠲᠣᠭᠲᠠᠭᠠᠯ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠪᠣᠯ ᠬᠠᠳᠠᠭᠤ ᠶᠣᠰᠣ ᠲᠦᠷᠢᠮ ᠮᠥᠨ᠂ ᠵᠠᠬᠢᠷᠭ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠡᠷᠬᠡᠪᠰᠢ ᠢᠮᠠᠭᠲᠠ ᠳᠣᠣᠱᠯᠠᠭᠤᠯᠵᠦ᠂ ᠴᠢᠩᠭ᠎ᠠ ᠬᠡᠷᠡᠭᠵᠢᠭᠦᠯᠵᠦ᠂ ᠬᠠᠲᠠᠭᠤ ᠬᠢᠵᠠᠭᠠᠷᠯᠠᠯ ᠢ ᠠᠵᠢᠯ ᠪᠠ ᠠᠮᠢᠳᠤᠷᠠᠯ ᠤᠨ ᠪᠦᠬᠦ ᠶᠠᠪᠤᠴᠠ ᠡᠯ᠎ᠡ ᠲᠠᠯ᠎ᠠ ᠳᠤ ᠦᠨᠡᠨ ᠬᠦ ᠳᠣᠣᠱᠯᠠᠭᠤᠯᠵᠦ᠂ ᠪᠡᠶ᠎ᠡ ᠪᠠᠷ ᠢᠶᠠᠨ ᠲᠦᠷᠦᠭᠦᠯᠡᠨ ᠪᠡᠶ᠎ᠡ ᠪᠠᠨ ᠴᠢᠩᠭ᠎ᠠ ᠬᠠᠮᠢᠶᠠᠷᠴᠤ᠂ ᠬᠠᠷᠢᠶ᠎ᠠ ᠣᠷᠣᠨ ᠢᠶᠠᠨ ᠴᠢᠩᠭ᠎ᠠ ᠬᠠᠮᠢᠶᠠᠷᠴᠤ᠂ ᠬᠤᠷᠢᠭ᠎ᠠ ᠱᠤᠭᠤᠮ ᠳᠤ ᠬᠦᠷᠬᠦ ᠦᠭᠡᠢ᠂ ᠤᠯᠠᠭᠠᠨ ᠱᠤᠭᠤᠮ ᠠᠴᠠ ᠳᠠᠪᠠᠭ᠋ᠤ ᠦᠭᠡᠢ ᠪᠠᠶᠢᠵᠤ᠂ ᠳᠡᠭᠡᠳᠦ ᠱᠠᠳᠤ ᠨᠢ ᠳᠤᠤᠷᠠᠳᠤ ᠱᠠᠳᠤ ᠪᠠᠨ ᠳᠠᠭᠠᠭᠤᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽︿ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠴᠢᠳᠠᠯ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ﹀ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ ᠦᠨᠳᠦᠰᠦᠨ ᠱᠠᠲᠤᠨ ᠤ ᠵᠠᠰᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠶ ᠰᠠᠨᠠᠯ︾ ᠢ ᠤᠯᠠᠮᠵᠢᠯᠠᠨ ᠰᠤᠷᠤᠯᠴᠠᠵᠤ᠂ ᠵᠠᠬᠢᠷᠭ᠎ᠠ ᠶᠢᠨ ᠨᠠᠮ ᠤᠨ  ᠳᠤᠭᠤᠶᠢᠯᠠᠩ ᠲᠦᠷᠦᠭᠦᠯᠡᠨ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠬᠡᠯᠪᠡᠷᠢ ᠶᠢᠨ ᠦᠵᠡᠯ ᠢ ᠲᠦᠷᠭᠡᠨ ᠪᠥᠭᠡᠳ ᠪᠣᠳᠠᠲᠠᠶ ᠪᠠᠷ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠣᠳᠠᠭᠠᠨ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠬᠠᠰᠤᠬᠤ︾ ᠶᠣᠰᠣᠲᠠᠶ ᠶᠢ ᠨᠢ ᠬᠠᠰᠣᠵᠦ᠂ ︽ᠬᠠᠮᠢᠶᠠᠷᠬᠤ︾ ᠶᠣᠰᠣᠲᠠᠶ ᠶᠢ ᠨᠢ ᠰᠠᠶᠢᠲᠤᠷ ᠬᠠᠮᠢᠶᠠᠷᠴᠦ᠂ ︽ᠣᠯᠭᠤᠬᠤ︾ ᠶᠣᠰᠣᠳᠠᠢ ᠶᠢ ᠨᠢ ᠣᠯᠭᠤᠵᠤ᠂ ᠦᠨᠳᠦᠰᠦᠨ ᠱᠠᠲᠤᠨ ᠳᠤ ᠨᠠᠩ ᠣᠯᠠᠨ ᠴᠠᠭ ᠪᠠ ᠣᠶᠤᠨ ᠴᠢᠳᠠᠯ ᠦᠭᠴᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠳᠡᠭᠡᠷ᠎ᠡ᠂ ᠪᠠᠭ ᠤᠨ ᠪᠦᠷᠢᠯᠳᠦᠬᠦᠨ ᠪᠠᠰᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠳᠣᠣᠱᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠣᠯᠠᠨ ᠢᠶᠠᠷ ᠢᠶᠠᠨ᠂ ᠦᠷᠭᠦᠯᠵᠢᠯᠡᠨ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ ᠯᠠᠪᠳᠠᠭᠤᠨ ᠪᠠᠲᠤᠲᠠᠶ ᠬᠡᠷᠡᠭᠵᠢᠭᠦᠯᠵᠦ᠂ ︽ᠰᠤᠷᠤᠯᠴᠠᠬᠤ ᠶᠢᠨ ᠳᠠᠭᠠᠤ ᠪᠠᠶᠢᠴᠠᠭᠠᠵᠤ ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠬᠤ︾ ᠶᠢ ᠪᠠᠷᠢᠮᠲᠠᠯᠠᠵᠤ᠂ ᠨᠠᠷᠢᠨ ᠲᠠᠩᠰᠠ ᠲᠠᠢ ᠬᠠᠷᠢᠴᠠᠭᠤᠯᠤᠨ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠥᠲᠥᠯᠥᠨ ᠳᠠᠭᠠᠭᠤᠯᠣᠨ᠎ᠠ ᠭᠡᠵᠡᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号