4 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠵᠤ᠂ ᠣᠯᠠᠨ ᠲᠦᠮᠡᠨ ᠤ ᠪᠦᠯᠬᠦᠮ᠂ ᠣᠶ ᠰᠢᠭᠤᠶ ᠨᠣᠳᠤᠭ ᠪᠡᠯᠴᠢᠭᠡᠷ ᠢ ᠡᠪᠳᠡᠭᠰᠡᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ | ᠡᠷᠭᠢᠯᠡᠪᠡ᠃ | ᠬᠤᠷᠠᠯ ᠳᠤ 3 ᠰᠠᠷ᠎ᠠ ᠶᠢᠨ 31 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯ ᠤᠨ ᠲᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ | ᠬᠠᠷᠢᠭᠤᠴᠠᠯᠭ᠎ᠠ ᠶᠢᠨ ᠳᠦᠷᠢᠮ︾ ᠭᠡᠬᠦ ᠵᠠᠩᠭᠢᠯᠠᠭ᠎ᠠ ᠶᠢ ᠠᠳᠬᠤᠵᠤ᠂ ᠲᠤᠪᠤᠶᠢᠮ᠎ᠠ ᠠᠰᠠᠭᠤᠳᠠᠯ ᠢ ᠴᠢᠩᠭ᠎ᠠ ᠪᠣᠳᠠᠲᠠᠢ | ᠲᠦᠷᠭᠡᠨ ᠴᠡᠭᠴᠡᠯᠡᠨ ᠰᠠᠶᠢᠵᠢᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ᠃ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠬᠢᠨᠠᠯᠲᠠ ᠶᠢ | ᠪᠣᠳᠠᠲᠠᠶᠢᠵᠢᠭᠤᠯᠵᠤ᠂ ᠣᠨᠣᠪᠴᠢᠲᠠᠶ᠂ ᠪᠠᠶᠢᠩᠭᠤᠵᠢᠭᠤᠯᠬᠤ ᠶᠢ ᠠᠬᠢᠭᠤᠯᠵᠤ᠂ ᠪᠥᠬᠦ ᠠᠶᠢᠮᠠᠭ ᠤᠨ ᠲᠣᠭᠤᠷᠢᠨ | ᠪᠠᠶᠢᠴᠠᠭᠠᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ | ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠭᠠᠳᠠᠭᠰᠢ ᠨᠡᠭᠡᠭᠡᠯᠲᠡ ᠬᠢᠬᠦ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠥᠨᠳᠥᠷ ᠲᠦᠪᠰᠢᠨ | ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠬᠦ | ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠠᠤᠭ᠎ᠠ ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠶ᠎ᠠ︾ | ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠴᠢᠳᠠᠪᠤᠷᠢᠲᠠᠨ᠂ ᠪᠡᠯᠡ ᠮᠥᠩᠭᠦ᠂ ᠲᠠᠪᠴᠠᠩ᠂ | ᠲᠦᠷᠦᠯ ᠵᠦᠢᠯ᠂ ᠣᠯᠠᠷᠢᠭᠤᠯᠣᠯᠳᠠ ᠵᠡᠷᠭᠡ ᠲᠠᠯ᠎ᠠ ᠠᠴᠠ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ | ᠬᠥᠭᠵᠢᠯᠲᠡ ᠳᠤ ᠠᠮᠢᠵᠢᠷᠠᠯ ᠤᠨ ᠬᠦᠴᠦᠨ ᠢ ᠲᠥᠪᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ᠪᠥᠬᠦ ᠣᠷᠣᠨ ᠤ ᠣᠶ ᠰᠢᠭᠤᠶ ᠨᠣᠳᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠠᠶᠢᠮᠠᠭ ᠤᠨ ᠣᠶ | ᠰᠢᠭᠤᠶ ᠨᠣᠳᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ | ᠭᠡᠳᠦᠷᠡᠳᠡᠯ᠎ᠡ ᠪᠡᠯᠴᠢᠭᠡᠷᠯᠡᠬᠦᠯᠬᠦ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠠᠷᠭ᠎ᠠ ᠬᠡᠮᠵᠢᠶ᠎ᠡ ᠠᠪᠴᠤ᠂ | ᠨᠢᠭᠡ ᠠᠴᠠ ᠨᠥᠭᠦᠭᠡ ᠶᠢ ᠵᠦᠢᠴᠢᠯᠡᠨ ᠠᠰᠠᠭᠤᠳᠠᠯ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠴᠣᠬᠢᠯᠲᠠ | ᠥᠭᠬᠦ ᠡᠷᠴᠢᠮ ᠪᠠ ᠰᠡᠷᠡᠮᠵᠢᠯᠡᠭᠦᠯᠦᠨ ᠰᠦᠷᠳᠡᠭᠦᠯᠬᠦ ᠡᠷᠴᠢᠮ ᠢᠶᠠᠨ ᠴᠢᠩᠭᠠᠷᠠᠭᠤᠯᠤᠨ᠂ ᠣᠶ ᠰᠢᠭᠤᠶ ᠨᠣᠳᠤᠭ | ᠪᠡᠯᠴᠢᠭᠡᠷ ᠢ ᠡᠪᠳᠡᠬᠦ ᠦᠢᠯᠡ ᠠᠵᠢᠯᠯᠠᠭ᠎ᠠ ᠶᠢ ᠦᠨᠡᠨ ᠬᠦ ᠬᠤᠷᠢᠭᠯᠠᠵᠤ᠂ ᠭᠡᠳᠦᠷᠡᠳᠡᠯ᠎ᠡ ᠪᠡᠯᠴᠢᠭᠡᠷᠯᠡᠬᠦᠯᠬᠦ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠲᠦᠮᠡᠨ ᠤ ᠪᠦᠯᠬᠦᠮ ᠤᠨ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ | ᠤᠳᠤᠷᠢᠳᠤᠯᠭ᠎ᠠ ᠶᠢ ᠢᠮᠠᠭᠲᠠ ᠳᠣᠣᠱᠯᠠᠭᠤᠯᠣᠨ᠂ ᠪᠣᠳᠠᠲᠠᠢ ᠬᠢᠬᠦ ᠶᠢ ᠪᠠᠷᠢᠮᠲᠠᠯᠠᠵᠤ᠂ ᠭᠤᠣᠯ ᠬᠠᠷᠢᠭᠤᠴᠠᠯᠭ᠎ᠠ ᠭᠤᠣᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡ ᠶᠢ ᠴᠢᠩᠭᠠᠳᠬᠠᠨ᠂ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ | ᠠᠵᠢᠯ ᠤᠨ ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠴᠢᠩᠭᠠᠳᠬᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠳᠤ ︽ᠠᠯᠠᠱᠠ ᠠᠶᠢᠮᠠᠭ ᠤᠨ 2025 ᠣᠨ ᠤ ︿ᠵᠢᠷᠭᠤᠭᠠᠨ ᠠᠵᠢᠯᠯᠠᠭ᠎ᠠ﹀ ᠳᠤ ᠠᠩᠬᠠᠷᠤᠯ ᠢᠶᠠᠨ | ᠲᠥᠪᠯᠡᠷᠡᠭᠦᠯᠦᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠯᠠᠮ ᠴᠢᠨᠠᠭᠰᠢᠳᠠ | ᠤᠷᠮᠠᠰᠢᠭᠤᠯᠤᠨ ᠵᠣᠷᠢᠭᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ | ᠵᠥᠪᠯᠡᠵᠦ᠂ ᠪᠠᠰᠠ ᠪᠤᠰᠤᠳ ᠵᠦᠢᠯᠡᠰ ᠢ ᠰᠤᠳᠤᠯᠪᠠ᠃ | |