ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠩ ᠤᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠴᠢᠨᠠᠷ ᠰᠠᠶᠢᠲᠠᠶ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠭᠡᠨ | ᠪᠠᠶᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠦᠬᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ | ᠴᠢᠨᠠᠷ ᠰᠠᠶᠢᠲᠠᠶ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠬᠤᠯᠪᠣᠭᠳᠠᠯ ᠪᠥᠬᠦᠶ | ᠠᠵᠢᠯ ᠳᠤ ᠪᠠᠶᠢᠷᠢᠯᠠᠭᠤᠯᠤᠯᠲᠠ ᠬᠢᠪᠠ᠃ | ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ | ᠭᠤᠤᠯᠳᠠᠯᠭ᠎ᠠ ᠶᠢᠨ ᠳᠤᠳᠤᠷᠠᠬᠢ ᠭᠤᠤᠯᠳᠠᠯᠭ᠎ᠠ ᠪᠣᠯᠭᠠᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ | ᠣᠯᠭᠤᠯᠲᠠ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠦᠢᠯᠡᠰ ᠤᠨ ᠦᠵᠦᠭᠦᠷᠯᠢᠭ ᠤᠨ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠠᠵᠢᠯ ᠣᠯᠭᠤᠯᠲᠠ ᠶᠢᠨ ᠦᠵᠦᠭᠦᠷᠯᠢᠭ ᠤᠨ ᠦᠨᠡᠯᠡᠯᠲᠡ ᠶᠢᠨ | ᠬᠠᠷᠢᠭᠤ ᠲᠤᠰᠬᠠᠯ ᠢᠶᠠᠷ ᠵᠢᠯᠣᠭᠤᠳᠣᠯᠭ᠎ᠠ ᠪᠣᠯᠭᠠᠵᠤ᠂ ᠬᠥᠮᠦᠵᠢᠭᠦᠯᠵᠦ ᠬᠠᠩᠭᠠᠬᠤ᠂ ᠠᠵᠢᠯ ᠣᠯᠭᠤᠯᠲᠠ ᠶᠢᠨ | ᠵᠢᠯᠣᠭᠤᠳᠤᠯᠭ᠎ᠠ ᠬᠢᠬᠦ᠂ ᠠᠵᠢᠯ ᠡᠷᠢᠵᠦ ᠠᠵᠢᠯᠲᠠᠨ ᠡᠯᠰᠡᠬᠦ᠂ ᠬᠠᠪᠰᠤᠷᠤᠨ ᠲᠡᠳᠬᠦᠵᠦ ᠲᠤᠰᠠᠯᠠᠬᠤ᠂ ᠬᠢᠨᠠᠨ | ᠬᠡᠮᠵᠢᠵᠦ ᠦᠨᠡᠯᠡᠬᠦ ᠵᠡᠷᠭᠡ ᠦᠢᠯᠡᠴᠢᠯᠡᠭᠡ ᠶᠢ ᠪᠦᠬᠦ ᠬᠡᠯᠬᠢᠶ᠎ᠡ ᠪᠠᠷ ᠰᠢᠯᠢᠳᠡᠭᠵᠢᠭᠦᠯᠵᠦ᠂ ᠨᠡᠩ ᠤᠯᠠᠨ ᠰᠤᠷᠤᠭᠰᠠᠨ ᠪᠠ | ᠳᠠᠪᠠᠭᠤᠯᠢᠭ ᠢᠶᠠᠨ ᠪᠠᠳᠠᠷᠠᠭᠤᠯᠬᠤ ᠳᠤ ᠠᠰᠢᠭᠲᠠᠢ ᠠᠵᠢᠯ ᠣᠯᠭᠤᠬᠤ ᠠᠵᠢᠯ ᠤᠨ ᠪᠠᠶᠢᠷᠢ ᠶᠢ ᠨᠡᠬᠡᠭᠡᠵᠦ᠂ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠬᠥᠮᠦᠨ ᠪᠠ ᠠᠵᠢᠯ ᠤᠨ ᠪᠠᠶᠢᠷᠢ ᠶᠢ ᠬᠠᠷᠢᠯᠴᠠᠨ | ᠵᠣᠬᠢᠴᠠᠭᠤᠯᠬᠤ᠂ ᠬᠦᠮᠦᠨ ᠤ ᠳᠠᠪᠠᠭᠤᠯᠢᠭ ᠢ ᠨᠢ ᠦᠵᠡᠵᠦ ᠬᠡᠷᠡᠭᠯᠡᠬᠦ᠂ ᠬᠦᠮᠦᠨ ᠤ ᠴᠢᠳᠠᠪᠤᠷᠢ ᠶᠢ ᠨᠢ ᠪᠦᠷᠢᠨ | ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ | ᠳᠡᠭᠡᠭᠰᠢᠯᠡᠭᠦᠯᠦᠨ᠎ᠡ᠃ 3 ᠠᠴᠠ 5 ᠵᠢᠯ ᠦᠷᠭᠦᠯᠵᠢᠯᠡᠨ ᠴᠢᠷᠮᠠᠶᠢᠬᠤ ᠪᠠᠷ ᠳᠡᠮᠵᠢᠨ᠂ ᠪᠥᠬᠦ ᠠᠵᠢᠯᠲᠠᠨ ᠢ | ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠪᠠᠲᠤᠯᠠᠭ᠎ᠠ ᠨᠢ ᠬᠦᠴᠦᠲᠡᠶ ᠦᠢᠯᠡᠴᠢᠯᠡᠭᠡᠨ ᠤ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠶ ᠭᠦᠢᠴᠡᠳ | ᠠᠵᠢᠯ ᠤᠯᠬᠤ ᠶᠢ ᠠᠬᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | ︽ᠰᠠᠨᠠᠯ︾ ᠳᠤ᠂ ᠬᠥᠮᠦᠵᠢᠭᠦᠯᠵᠦ ᠬᠠᠩᠭᠠᠬᠤ ᠰᠢᠰᠲ᠋ᠧᠮ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ | ᠬᠥᠭᠵᠢᠯᠲᠡ ᠶᠢᠨ ᠬᠠᠨᠳᠤᠰᠢ ᠵᠢᠴᠢ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ | ᠮᠠᠭᠠᠳᠯᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ | ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠪᠠᠷᠠᠯᠠᠯᠲᠤ ᠴᠢᠨᠠᠷᠲᠠᠶ ᠵᠠᠳᠠᠯᠤᠯᠲᠠ ᠶᠢ ᠥᠷᠨᠢᠭᠦᠯᠦᠨ᠎ᠡ᠃ | ᠬᠠᠩᠭᠠᠯᠭ᠎ᠠ ᠬᠡᠷᠡᠭᠴᠡᠭᠡ ᠶᠢᠨ ᠲᠣᠬᠢᠷᠠᠭᠤᠯᠤᠯᠲᠠ ᠪᠠᠷ ᠤᠳᠤᠷᠢᠳᠤᠮᠵᠢ ᠪᠣᠯᠭᠠᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠲᠤᠰᠬᠠᠶ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ | ᠬᠥᠳᠡᠯᠦᠩᠭᠦᠶ ᠪᠠᠷ ᠲᠣᠬᠢᠷᠠᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠡᠪᠴᠢᠶ᠎ᠡ᠂ ᠪᠦᠲᠦᠴᠡ᠂ ᠶᠠᠰᠤ | ᠴᠢᠨᠠᠷ ᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠨᠠᠩ ᠢᠯᠡᠭᠦᠦ | ᠨᠡᠶᠢᠴᠡᠭᠦᠯᠬᠦ ᠶᠢ ᠠᠬᠢᠭᠤᠯᠤᠨ᠎ᠠ᠃ ᠰᠣᠷᠣᠭᠴᠢ ᠡᠯᠰᠡᠬᠦ ᠲᠥᠯᠥᠪᠯᠡᠭᠡ᠂ ᠴᠢᠳᠠᠪᠤᠷᠢᠲᠠᠨ ᠬᠥᠮᠦᠵᠢᠭᠦᠯᠬᠦ ᠬᠢᠭᠡᠳ ᠠᠵᠢᠯ | ᠣᠯᠭᠤᠬᠤ ᠶᠢᠨ ᠬᠠᠮᠲᠤᠷᠠᠨ ᠬᠥᠳᠡᠯᠦᠯᠴᠡᠬᠦ ᠲᠣᠭᠲᠡᠴᠡ ᠶᠢ ᠲᠡᠭᠦᠯᠳᠡᠷᠵᠢᠭᠦᠯᠵᠦ᠂ ᠰᠣᠷᠣᠭᠴᠢ ᠡᠯᠰᠡᠬᠦ | ᠲᠥᠯᠥᠪᠯᠡᠭᠡ ᠶᠢᠨ ᠬᠤᠪᠢᠶᠠᠷᠢᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠨᠠᠩ | ᠠᠮᠢᠳᠤᠯᠢᠭ ᠰᠤᠷᠤᠯᠴᠠᠬᠤ ᠲᠦᠷᠢᠮ ᠪᠠᠶᠢᠭᠤᠯᠬᠤ ᠶᠢ ᠵᠣᠷᠢᠭᠵᠢᠭᠤᠯᠵᠤ᠂ ᠲᠤᠰᠬᠠᠶ ᠮᠡᠷᠭᠡᠵᠢᠯ ᠢᠶᠠᠨ ᠰᠤᠯᠢᠬᠤ᠂ ᠪᠤᠰᠤᠳ | ᠲᠤᠰᠬᠠᠶ ᠮᠡᠷᠭᠡᠵᠢᠯ ᠢ ᠬᠠᠪᠰᠤᠷᠭᠠᠨ ᠰᠤᠷᠬᠤ ᠵᠡᠷᠭᠡ ᠲᠣᠭᠲᠠᠭᠠᠯ ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ | ︽ᠰᠠᠨᠠᠯ︾ ᠳᠤ᠂ ᠠᠵᠢᠯ ᠣᠯᠭᠤᠯᠲᠠ ᠶᠢᠨ ᠵᠢᠯᠣᠭᠤᠳᠬᠤ ᠰᠢᠰᠲ᠋ᠧᠮ ᠢ ᠴᠢᠩᠭᠠᠳᠬᠠᠵᠤ᠂ ᠠᠵᠢᠯ ᠡᠷᠢᠬᠦ | ᠠᠵᠢᠯᠲᠠᠨ ᠡᠯᠰᠡᠬᠦ ᠰᠢᠰᠲ᠋ᠧᠮ ᠢ ᠪᠦᠷᠢᠨᠰᠢᠬᠦᠯᠤᠨ᠂ ᠬᠠᠪᠰᠤᠷᠤᠨ ᠲᠡᠳᠬᠦᠵᠦ ᠲᠤᠰᠠᠯᠠᠬᠤ ᠰᠢᠰᠲ᠋ᠧᠮ ᠢ | ᠲᠡᠭᠦᠯᠳᠡᠷᠵᠢᠭᠦᠯᠵᠦ᠂ ᠬᠢᠨᠠᠨ ᠬᠡᠮᠵᠢᠵᠦ ᠦᠨᠡᠯᠡᠬᠦ ᠰᠢᠰᠲ᠋ᠧᠮ ᠤᠨ ᠰᠢᠨ᠎ᠡ ᠶᠢ ᠡᠭᠦᠳᠦᠨ᠎ᠡ᠃ ᠠᠮᠢᠳᠤᠷᠠᠬᠤᠢ ᠶᠢᠨ | ᠬᠥᠮᠦᠵᠢᠯ ᠬᠢᠭᠡᠳ ᠠᠵᠢᠯ ᠣᠯᠭᠤᠯᠲᠠ ᠶᠢᠨ ᠵᠢᠯᠣᠭᠤᠳᠣᠯᠭ᠎ᠠ ᠶᠢ ᠴᠢᠩᠭᠠᠷᠠᠭᠤᠯᠵᠤ᠂ ᠨᠢᠭᠡ ᠪᠦᠯᠦᠭ ᠤᠯᠤᠰ ᠤᠨ | ᠲᠥᠯᠥᠪᠵᠢᠭᠦᠯᠭᠡ ᠶᠢᠨ ᠵᠢᠭᠠᠬᠤ ᠮᠠᠲ᠋ᠧᠷᠢᠶᠠᠯ᠂ ᠵᠢᠱᠢᠶ᠎ᠡ ᠦᠵᠡᠭᠦᠯᠬᠦ ᠬᠢᠴᠢᠶᠡᠯ ᠪᠠ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠢ ᠪᠣᠶ ᠪᠣᠯᠭᠠᠵᠤ᠂ ᠠᠵᠢᠯ ᠣᠯᠭᠤᠬᠤ ᠬᠥᠮᠦᠵᠢᠯ ᠢ ᠪᠥᠬᠦ ᠠᠵᠢᠯᠲᠠᠨ ᠠᠵᠢᠯᠴᠢᠨ ᠪᠥᠬᠦ ᠶᠠᠪᠤᠴᠠ ᠪᠥᠬᠦ | ᠲᠠᠯ᠎ᠠ ᠪᠠᠷ ᠬᠥᠮᠦᠨ ᠬᠥᠮᠦᠵᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠠᠵᠢᠯ ᠣᠯᠭᠤᠬᠤ ᠵᠥᠪ ᠦᠵᠡᠯᠲᠡ ᠶᠢ | ᠪᠠᠲᠤ ᠪᠠᠬᠢ ᠪᠣᠶ ᠪᠣᠯᠭᠠᠬᠤ ᠶᠢ ᠬᠥᠲᠥᠯᠦᠨ ᠵᠢᠯᠣᠭᠤᠳᠴᠤ᠂ ᠠᠵᠢᠯ ᠣᠯᠭᠤᠬᠤ ᠳᠠᠳᠤᠯᠭ᠎ᠠ ᠬᠢᠭᠡᠳ ᠳᠠᠳᠤᠯᠭ᠎ᠠ ᠶᠢᠨ | ᠲᠦᠷᠢᠮ ᠢ ᠪᠦᠷᠢᠨᠰᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠪᠠ ᠠᠵᠢᠯ ᠣᠯᠭᠤᠬᠤ ᠵᠠᠬ᠎ᠠ | ᠳᠡᠯᠭᠡᠭᠦᠷ ᠤᠨ ᠦᠢᠯᠡᠴᠢᠯᠡᠭᠡ ᠶᠢ ᠴᠢᠩᠭᠠᠷᠠᠭᠤᠯᠤᠨ᠂ ᠣᠷᠣᠨ ᠪᠦᠰᠡ ᠶᠢᠨ ᠴᠢᠨᠠᠷᠲᠠᠶ᠂ ᠠᠵᠢᠯ ᠲᠥᠷᠥᠯ ᠤᠨ | ᠴᠢᠨᠠᠷᠲᠠᠶ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠠᠬ᠎ᠠ ᠳᠡᠯᠭᠡᠭᠦᠷ ᠢ | ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠵᠡᠷᠭᠡ ᠶᠢᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠲᠠᠯᠪᠢᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠤᠨ᠂ ᠠᠵᠢᠯᠲᠠᠨ ᠡᠯᠰᠡᠬᠦ | ᠲᠣᠬᠢᠷᠠᠭᠤᠯᠤᠯᠲᠠ ᠪᠣᠯᠤᠨ ᠡᠮᠬᠢ ᠳᠢᠭᠯᠢᠮ ᠢ ᠰᠢᠯᠢᠳᠡᠭᠵᠢᠭᠦᠯᠦᠨ ᠵᠢᠷᠤᠮᠵᠢᠭᠤᠯᠤᠨ᠎ᠠ᠃ ᠤᠯᠠᠨ ᠡᠰᠢᠲᠦ ᠭᠤᠤᠯ | ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ | ᠠᠷᠭ᠎ᠠ ᠵᠠᠮ ᠢ ᠥᠷᠭᠡᠳᠭᠡᠨ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠨ᠎ᠡ᠃ ᠬᠦᠴᠢᠷᠳᠡᠯ ᠢ | ᠬᠠᠪᠰᠤᠷᠤᠨ ᠲᠡᠳᠬᠦᠬᠦ ᠲᠣᠭᠲᠡᠴᠡ ᠶᠢ ᠪᠦᠷᠢᠨᠰᠢᠭᠦᠯᠵᠦ᠂ ᠬᠠᠪᠰᠤᠷᠤᠨ ᠲᠡᠳᠬᠦᠬᠦ ᠡᠲᠡᠭᠡᠳ ᠲᠤ ᠦᠢᠯᠡᠴᠢᠯᠡᠭᠡ ᠪᠠ | ᠲᠤᠰᠠᠯᠠᠮᠵᠢ ᠬᠠᠩᠭᠠᠵᠤ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠲᠡᠭᠦᠰᠦᠭᠰᠡᠳ ᠤᠨ ᠦᠨᠡᠨ | ᠨᠡᠷ᠎ᠡ ᠪᠠᠷ ᠢᠶᠠᠨ ᠠᠵᠢᠯ ᠤᠯᠬᠤ ᠶᠢ ᠬᠠᠪᠰᠤᠷᠤᠨ ᠲᠡᠳᠬᠦᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠠᠤᠭ᠎ᠠ | ᠵᠣᠷᠢᠭ ᠢᠶᠠᠷ ᠠᠶᠠᠯᠠᠯ ᠢ ᠲᠤᠰᠠᠯᠠᠬᠤ︾ ᠠᠵᠢᠯ ᠣᠯᠭᠤᠬᠤ ᠴᠢᠳᠠᠪᠤᠷᠢ ᠶᠢᠨ ᠪᠣᠯᠪᠠᠰᠤᠷᠠᠯ ᠤᠨ ᠲᠥᠷᠥᠯ ᠵᠦᠢᠯ ᠢ | ᠬᠡᠷᠡᠭᠵᠢᠭᠦᠯᠵᠦ᠂ ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠭᠡᠨ᠎ᠡ᠃ ᠠᠵᠢᠯ | ᠣᠯᠭᠤᠬᠤ ᠵᠠᠬ᠎ᠠ ᠳᠡᠯᠭᠡᠭᠦᠷ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠪᠠ ᠰᠤᠷᠭᠠᠭᠤᠯᠢ | ᠲᠡᠭᠦᠰᠦᠭᠰᠡᠳ ᠤᠨ ᠠᠵᠢᠯ ᠡᠷᠢᠬᠦ ᠬᠠᠨᠳᠤᠰᠢ ᠵᠡᠷᠭᠡ ᠶᠢ ᠴᠠᠭ ᠲᠤᠬᠠᠶ ᠳᠤᠨᠢ ᠡᠵᠡᠮᠰᠢᠵᠦ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠠᠰᠤ ᠴᠢᠨᠠᠷ ᠪᠠ ᠠᠵᠢᠯ ᠤᠨ ᠦᠨᠡᠯᠡᠯᠲᠡ ᠬᠢᠭᠰᠡᠨ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠪᠠ ᠰᠢᠨᠵᠢᠯᠡᠭᠡᠨ ᠤ ᠪᠠᠶᠢᠭᠤᠯᠤᠯᠲᠠ ᠶᠢ ᠦᠨᠡᠯᠡᠨ ᠵᠢᠱᠢᠬᠦ᠂ ︽ᠬᠤᠣᠰ ᠲᠡᠷᠢᠭᠦᠨ ᠵᠡᠷᠭᠡ︾ ᠶᠢᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠵᠡᠷᠭᠡ ᠴᠢᠬᠤᠯᠠ ᠬᠦᠴᠦᠨ ᠵᠦᠢᠯ ᠪᠣᠯᠭᠠᠨ᠎ᠠ ᠭᠡᠵᠦ | ᠳᠤᠲᠤᠷᠬᠠᠶᠢᠯᠠᠪᠠ᠃ | ︽ᠰᠠᠨᠠᠯ︾ ᠳᠤ᠂ ᠳᠡᠮᠵᠢᠯᠭᠡ ᠪᠠᠲᠤᠯᠠᠭ᠎ᠠ ᠶᠢᠨ ᠰᠢᠰᠲ᠋ᠧᠮ ᠢ ᠪᠠᠬᠢᠵᠢᠭᠦᠯᠬᠦ ᠬᠡᠷᠡᠭᠲᠡᠶ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ | ᠬᠦᠴᠦᠷᠬᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ | ᠪᠠᠶᠢᠭᠤᠯᠤᠮᠵᠢ᠂ ᠠᠵᠢᠯᠲᠠᠨ᠂ ᠭᠠᠵᠠᠷ ᠲᠠᠯᠠᠪᠤᠷ᠂ ᠵᠠᠷᠤᠳᠠᠯ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ | ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠲᠤᠰᠬᠠᠶᠢᠵᠢᠭᠰᠠᠨ ᠠᠵᠢᠯ ᠣᠯᠭᠤᠬᠤ ᠵᠢᠯᠣᠭᠤᠳᠬᠤ ᠪᠠᠭᠰᠢ ᠶᠢᠨ | ᠡᠩᠨᠡᠭᠡ ᠶᠢ ᠪᠠᠶᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠰᠤᠳᠤᠯᠭᠠᠨ ᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠠᠴᠢᠯᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠨ᠎ᠡ | ᠵᠠᠭᠪᠤᠷ ᠢ ᠳᠡᠯᠭᠡᠷᠡᠭᠦᠯᠵᠦ᠂ ᠤᠯᠤᠰ ᠤᠨ ᠤᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ | ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠡᠷᠬᠡ ᠲᠡᠭᠰᠢ ᠠᠵᠢᠯ ᠣᠯᠭᠤᠯᠲᠠ ᠶᠢᠨ ᠣᠷᠴᠢᠨ ᠨᠥᠬᠦᠴᠡᠯ ᠪᠠ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠴᠢᠩᠭᠠᠷᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃ |