ᠠᠯᠠᠱᠠ ᠪᠠᠷᠠᠭᠤᠨ ᠬᠤᠰᠢᠭᠤ᠄ ᠰᠢᠵᠢᠷ ᠠᠯᠲᠠᠨ ᠡᠯᠡᠰᠦ ᠮᠠᠩᠬ᠎ᠠ ᠶᠢ ᠰᠣᠶᠣᠯ ᠵᠢᠭᠤᠯᠴᠢᠯᠠᠯ ᠤᠨ ᠨᠡᠷᠡᠳᠦ ᠲᠡᠮᠳᠡᠭ ᠪᠤᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2025/4/15
    ᠵᠤᠭᠠᠴᠠᠭᠰᠠᠳ ᠰᠦᠷᠯᠢᠭ ᠰᠠᠶᠢᠬᠠᠨ ᠡᠯᠡᠰᠦ ᠮᠠᠩᠬᠠᠨ ᠤ ᠥᠩᠭᠡ ᠦᠵᠡᠮᠵᠢ ᠳᠤ ᠰᠣᠭᠲᠣᠭᠤᠷᠠᠨ᠂ ᠦᠢᠯᠡᠰ ᠪᠤᠰᠬᠠᠬᠴᠢ ᠠᠵᠠ ᠲᠣᠬᠢᠶᠠᠯ ᠢ ᠡᠷᠢᠯᠬᠢᠯᠡᠨ ᠦᠨᠳᠦᠰᠦᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠵᠦ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠨ ᠠᠯᠠᠱᠠ ᠪᠠᠷᠠᠭᠤᠨ ᠬᠤᠰᠢᠭᠤ ᠶᠠᠭ ᠳᠡᠯᠡᠬᠡᠢ ᠶᠢᠨ ᠲᠡᠰ ᠤᠨ ᠵᠢᠭᠤᠯᠴᠢᠯᠠᠯ ᠤᠨ ᠬᠠᠷᠠᠯᠲᠠᠲᠤ ᠣᠷᠣᠨ ᠢ ᠪᠠᠶᠢᠭᠤᠯᠬᠤ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃    ᠣᠶᠢᠷ᠎ᠠ ᠶᠢᠨ ᠵᠢᠯ ᠠᠴᠠ ᠨᠠᠭᠠᠰᠢ᠂ ᠠᠯᠠᠱᠠ ᠪᠠᠷᠠᠭᠤᠨ ᠬᠤᠰᠢᠭᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠵᠢᠭᠤᠯᠴᠢᠯᠠᠯ ᠤᠨ ᠦᠢᠯᠡᠳᠬᠦᠨ ᠤ ᠰᠢᠨ᠎ᠡ ᠶᠢ ᠡᠭᠦᠳᠬᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠣᠨᠣᠴᠠᠲᠠᠶ ᠪᠠᠷ ᠡᠵᠡᠩᠨᠡᠨ ᠪᠣᠷᠣᠯᠠᠭᠤᠯᠬᠤ ᠪᠠ ᠦᠢᠯᠡᠴᠢᠯᠡᠭᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠬᠠᠨ ᠲᠡᠭᠷᠢ ᠠᠯᠠᠱᠠ︾ ᠵᠢᠭᠤᠯᠴᠢᠯᠠᠯ ᠤᠨ ᠲᠥᠷᠥᠯ ᠲᠡᠮᠳᠡᠭ ᠢ ᠨᠡᠩ ᠠᠯᠳᠠᠷᠰᠢᠭᠤᠯᠤᠬᠰᠠᠨ ᠪᠠᠶᠢᠨ᠎ᠠ᠃    2024 ᠣᠨ ᠤ 7 ᠰᠠᠷ᠎ᠠ ᠳᠤ ᠪᠠᠳᠠᠢ ᠶᠢᠨ ᠵᠢᠷᠠᠨ ᠡᠯᠡᠰᠦᠨ ᠤ ᠡᠯᠡᠰᠦᠨ ᠴᠤᠬᠢᠶ᠎ᠠ ᠨᠠᠭᠤᠷ ᠪᠦᠷᠢᠳᠦ ︽ᠳᠡᠯᠡᠬᠡᠶ ᠶᠢᠨ ᠪᠤᠳᠠᠰ ᠤᠨ ᠪᠤᠰᠤ ᠥᠪ ᠤᠨ ᠨᠡᠷᠡᠰ ᠤᠨ ᠵᠢᠭᠰᠠᠭᠠᠯᠲᠠ︾ ᠳᠤ ᠠᠮᠵᠢᠯᠲᠠ ᠲᠠᠢ ᠵᠢᠭᠰᠠᠭᠠᠭᠳᠠᠬᠤ ᠶᠢ ᠳᠠᠭᠠᠯᠳᠤᠨ᠂ ᠡᠨᠡ ᠬᠦ ᠥᠨᠳᠥᠷ ᠰᠦᠷᠯᠢᠭ ᠡᠯᠡᠰᠦᠨ ᠴᠤᠬᠢᠶ᠎ᠠ᠂ ᠰᠤᠪᠤᠳ ᠤᠨ ᠬᠡᠷᠡᠯ ᠰᠢᠭ ᠨᠠᠭᠤᠷ ᠵᠢᠷᠠᠨ ᠬᠢᠭᠡᠳ ︽ᠲᠡᠯᠡᠭᠡᠢ ᠶᠢᠨ ᠡᠯᠡᠰᠦᠨ ᠴᠦᠯ ᠤᠨ ᠵᠦᠮᠤᠯᠠᠩᠮᠠ ᠤᠷᠬᠢᠯ︾ ᠭᠡᠮᠡᠭᠳᠡᠭᠰᠡᠨ ᠪᠢᠯᠢᠭᠦᠳᠦ ᠶᠢᠨ ᠴᠤᠬᠢᠶ᠎ᠠ ᠶᠢ ᠪᠠᠭᠲᠠᠭᠠᠬᠰᠠᠨ ᠠᠯᠲᠠᠨ ᠰᠢᠷᠭᠠᠯ ᠡᠯᠡᠰᠦ ᠮᠠᠩᠬ᠎ᠠ ᠨᠢ ᠮᠠᠰᠢ ᠤᠯᠠᠨ ᠲᠤᠰᠬᠠᠶ ᠮᠡᠷᠭᠡᠵᠢᠯ ᠤᠨ ᠡᠯᠡᠰᠦᠨ ᠴᠥᠯ ᠤᠨ ᠵᠢᠭᠤᠯᠴᠢᠯᠠᠬᠴᠢᠳ ᠤᠨ ᠠᠩᠬᠠᠷᠤᠯ ᠢ ᠲᠠᠳᠠᠵᠤ᠂ ᠥᠪᠡᠷ ᠢᠶᠠᠨ ᠲᠡᠷᠭᠡ ᠵᠢᠯᠣᠭᠤᠳᠬᠤ ᠵᠢᠭᠤᠯᠴᠢᠯᠠᠯ ᠢ ᠡᠬᠢᠯᠡᠭᠦᠯᠦᠭᠰᠡᠨ ᠪᠠᠶᠢᠨ᠎ᠠ᠃    ᠵᠢᠭᠤᠯᠴᠢᠯᠠᠯ ᠤᠨ ᠠᠵᠤ ᠠᠬᠤᠶ ᠲᠠᠰᠤᠷᠠᠯᠲᠠ ᠥᠬᠡᠶ ᠬᠦᠭᠵᠢᠵᠤ ᠪᠠᠶᠢᠭ᠎ᠠ ᠨᠢ ᠠᠯᠠᠱᠠ ᠪᠠᠷᠠᠭᠤᠨ ᠬᠤᠰᠢᠭᠤ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠬᠤᠪᠢᠰᠤᠯᠲᠠ᠂ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠣᠨᠣᠪᠴᠢᠲᠠᠶ ᠡᠵᠡᠮᠳᠡᠭᠰᠡᠨ ᠠᠴᠠ ᠰᠢᠯᠳᠠᠭᠠᠯᠠᠬᠳᠠᠨ᠎ᠠ᠃    ᠲᠦᠷᠦᠭᠦᠬᠡᠨ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠭᠠᠨᠰᠦ ᠮᠤᠵᠢ ᠶᠢᠨ ᠵᠢᠨᠴᠠᠩ ᠬᠤᠲᠠ ᠶᠢᠨ ᠵᠢᠨᠴᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠠᠢ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤᠬᠳᠠᠵᠤ᠂ ᠬᠤᠶᠠᠷ ᠭᠠᠵᠠᠷ ᠤᠨ ᠣᠷᠳᠣ ᠬᠤᠭᠤᠴᠠᠭᠠᠨ ᠤ ᠲᠣᠭᠲᠠᠭᠤᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ ᠬᠤᠶᠠᠷ ᠭᠠᠵᠠᠷ ᠤᠨ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠶᠢ ᠵᠤᠷᠢᠬᠰᠠᠨ ᠪᠠᠶᠢᠨ᠎ᠠ᠃ ᠠᠯᠠᠱᠠ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠤ ᠳᠡᠳ᠋ ᠳᠠᠷᠤᠭ᠎ᠠ ᠳ᠋ᠦᠩ ᠮᠧᠶ᠄ ︽ᠲᠣᠰ ᠤᠳᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠰᠠᠨ ᠨᠢ ᠬᠤᠶᠠᠷ ᠲᠠᠯ᠎ᠠ ᠪᠠᠷ ᠢᠶᠠᠨ ᠥᠪᠡᠷᠮᠢᠴᠡ ᠣᠨᠴᠠᠯᠢᠭ ᠲᠠᠢ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠶᠢᠳᠡᠯᠡᠨ᠂ ︿ᠲᠣᠷᠭᠠᠨ ᠵᠠᠮ﹀ ᠤᠨ ᠵᠢᠭᠤᠯᠴᠢᠯᠠᠯ ᠤᠨ ᠲᠣᠮᠣ ᠨᠠᠷᠠᠲᠤ ᠲᠡᠮᠳᠡᠭ ᠢ ᠭᠠᠷ ᠬᠤᠯᠪᠣᠨ ᠡᠭᠦᠳᠴᠦ᠂ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠠᠮᠲᠤᠷᠠᠨ ᠨᠡᠶᠢᠲᠡᠯᠡᠵᠦ᠂ ᠰᠣᠶᠣᠯ ᠵᠢᠭᠤᠯᠴᠢᠯᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠡᠢ᠃ ᠡᠭᠦᠨ ᠤ ᠬᠠᠮᠲᠤ᠂ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠪᠠᠷ ᠳᠡᠮᠵᠢᠨ᠂ ᠴᠢᠳᠠᠪᠤᠷᠢᠲᠠᠨ ᠤ ᠰᠣᠯᠢᠯᠴᠠᠭ᠎ᠠ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠠᠵᠢᠯ ᠡᠷᠬᠢᠯᠡᠭᠴᠢᠳ ᠤᠨ ᠪᠦᠬᠦᠯᠢ ᠴᠣᠭᠴᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ︾ ᠭᠡᠵᠤ ᠲᠠᠨᠢᠯᠴᠠᠭᠤᠯᠪᠠ᠃    ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠪᠠ ᠲᠤᠬᠠᠶ ᠶᠢᠨ ᠭᠠᠵᠠᠷ ᠤᠨ ᠥᠪᠡᠷᠮᠢᠴᠡ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠠᠯᠠᠱᠠ ᠪᠠᠷᠠᠭᠤᠨ ᠬᠤᠰᠢᠭᠤ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠠᠷᠢᠨ ᠨᠢᠮᠪᠠᠶ ᠪᠠᠶᠢᠷᠢᠯᠠᠭᠤᠯᠪᠠ᠃ 2024 ᠣᠨ ᠳᠤ᠂ ᠠᠯᠠᠱᠠ ᠪᠠᠷᠠᠭᠤᠨ ᠬᠤᠰᠢᠭᠤ 325.7 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 25.7% ᠪᠠᠷ ᠨᠡᠮᠡᠭᠳᠡᠵᠦ᠂ ᠵᠤᠭᠠᠴᠠᠭᠰᠠᠳ ᠤᠨ ᠶᠡᠷᠦᠩᠬᠡᠶ ᠵᠠᠷᠤᠯᠭ᠎ᠠ 24.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28% ᠪᠠᠷ ᠨᠡᠮᠡᠭᠳᠡᠪᠡ᠃    ᠡᠨᠡ ᠵᠢᠯ ᠤᠨ 4 ᠰᠠᠷ᠎ᠠ ᠶᠢᠨ ᠳᠤᠮᠳᠠᠴᠢ ᠪᠠᠷ᠂ ᠠᠯᠠᠱᠠ ᠪᠠᠷᠠᠭᠤᠨ ᠬᠤᠰᠢᠭᠤ ︽ᠲᠠ ᠰᠠᠶᠢᠨ ᠦᠦ᠂ ᠪᠠᠳᠠᠢ ᠶᠢᠨ ᠵᠢᠷᠠᠨ︾ 100 ᠰᠢᠷᠢᠰ ᠠᠵᠢᠯᠯᠠᠭ᠎ᠠ ᠶᠢᠨ ᠬᠠᠪᠤᠷ ᠤᠨ ᠤᠯᠠᠷᠢᠯ ᠤᠨ ᠡᠬᠢᠯᠡᠯᠲᠡ ᠶᠢᠨ ᠤᠷᠤᠯᠳᠤᠭᠠᠨ ᠶᠠᠪᠤᠭᠳᠠᠭᠤᠯᠤᠨ᠎ᠠ᠃ 8 ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ᠂ ᠪᠠᠳᠠᠢ ᠶᠢᠨ ᠨᠠᠭᠤᠷ ᠲᠤ ᠬᠤᠷᠢᠳᠤᠭᠠᠷ ᠬᠤᠭᠤᠴᠠᠭᠠᠨ ᠤ ᠬᠡᠭᠡᠷᠡᠯᠡᠨ ᠠᠶᠠᠯᠠᠬᠤ e ᠠᠩᠬᠢ ᠶᠢᠨ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠢ ᠡᠷᠭᠢᠯᠡᠨ᠂ ᠡᠯᠡᠰᠦᠨ ᠴᠥᠯ ᠤᠨ ᠳᠠᠭᠤᠤ ᠬᠥᠭᠵᠢᠮ ᠤᠨ ᠨᠠᠶᠢᠷ ᠵᠡᠷᠭᠡ ᠪᠠᠶᠠᠯᠢᠭ ᠰᠠᠶᠢᠬᠠᠨ ᠤᠷᠠᠨ ᠰᠠᠶᠢᠬᠠᠨ ᠤ ᠠᠵᠢᠯᠯᠠᠭ᠎ᠠ ᠥᠷᠨᠢᠭᠦᠯᠬᠦ ᠪᠣᠯᠤᠨ᠎ᠠ᠃ 10 ᠰᠠᠷ᠎ᠠ ᠶᠢᠨ 1 ᠤ ᠡᠳᠦᠷ ᠠᠴᠠ 4 ᠤ ᠡᠳᠦᠷ ᠪᠣᠯᠲᠠᠯ᠎ᠠ᠂ ︽ᠲᠠ ᠰᠠᠶᠢᠨ ᠦᠦ᠂ ᠪᠠᠳᠠᠢ ᠶᠢᠨ ᠵᠢᠷᠠᠨ︾ 100 ᠰᠢᠷᠢᠰ ᠠᠵᠢᠯᠯᠠᠭ᠎ᠠ ᠶᠢᠨ ᠵᠢᠯ ᠤᠨ ᠶᠡᠷᠦᠩᠬᠡᠶ ᠰᠢᠢᠳᠪᠦᠷᠢᠲᠦ ᠤᠷᠤᠯᠳᠤᠭᠠᠨ ᠢ ᠶᠠᠪᠤᠭᠳᠠᠭᠤᠯᠬᠤ ᠪᠣᠯᠤᠨ᠎ᠠ᠃ ᠳ᠋ᠦᠩ ᠮᠧᠶ᠄ ︽ᠪᠢᠳᠡ ︿ᠲᠠ ᠰᠠᠶᠢᠨ ᠦᠦ᠂ ᠪᠠᠳᠠᠢ ᠶᠢᠨ ᠵᠢᠷᠠᠨ﹀ ᠰᠢᠷᠢᠰ ᠠᠵᠢᠯᠯᠠᠭ᠎ᠠ ᠪᠠᠷ ᠵᠤᠭᠠᠴᠠᠭᠰᠠᠳ ᠲᠤ ᠪᠦᠬᠦ ᠵᠢᠯ ᠳᠤ ᠠᠳᠠᠯᠢ ᠪᠤᠰᠤ ᠡᠯᠡᠰᠦ ᠮᠠᠩᠬᠠᠨ ᠤ ᠵᠠᠩ ᠦᠢᠯᠡ ᠶᠢ ᠮᠡᠳᠡᠷᠡᠭᠦᠯᠦᠨ᠎ᠠ︾ ᠭᠡᠵᠤ ᠪᠠᠶᠢᠪᠠ᠃    ᠠᠯᠠᠱᠠ ᠪᠠᠷᠠᠭᠤᠨ ᠬᠤᠰᠢᠭᠤ ︽ᠤᠷᠤᠯᠳᠤᠭᠠᠨ + ᠵᠢᠭᠤᠯᠴᠢᠯᠠᠯ︾ ᠤᠨ ᠵᠠᠭᠪᠤᠷ ᠤᠨ ᠲᠣᠭᠤᠷᠢᠨ ᠳᠤ᠂ ᠭᠤᠤᠯ ᠰᠡᠳᠦᠪᠲᠦ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠬᠡᠭᠡᠷᠡᠯᠡᠨ ᠠᠶᠠᠯᠠᠬᠤ e ᠠᠩᠬᠢ ᠶᠢᠨ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ︽ᠲᠠ ᠰᠠᠶᠢᠨ ᠦᠦ᠂ ᠪᠠᠳᠠᠢ ᠶᠢᠨ ᠵᠢᠷᠠᠨ︾ 100 ᠰᠢᠷᠢᠰ ᠠᠵᠢᠯᠯᠠᠭ᠎ᠠ ᠶᠢᠨ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠠᠰᠢᠭᠯᠠᠵᠤ᠂ ︽ᠪᠠᠷᠠᠭᠤᠨ ᠬᠤᠰᠢᠭᠤᠨ ᠳᠤ ᠬᠥᠷᠬᠦ ᠥᠬᠡᠶ ᠪᠤᠯ ᠪᠠᠭᠠᠲᠤᠷ ᠪᠤᠰᠤ︾ ᠲᠥᠷᠥᠯ ᠲᠡᠮᠳᠡᠭ ᠤᠨ ᠳᠦᠷᠢ ᠲᠥᠷᠬᠦ ᠶᠢ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠭᠡᠨ ᠠᠬᠢᠭᠤᠯᠬᠤ ᠪᠣᠯᠤᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号