ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠣᠶᠢᠯᠠᠭᠠᠭᠰᠠᠨ ᠢᠶᠠᠷ᠂ 2025 | ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠣᠷᠣᠨ ᠤ ᠳᠣᠲᠣᠷᠠᠬᠢ | ᠡᠯ᠎ᠡ ᠱᠠᠲᠤᠨ ᠤ ᠠᠵᠢᠯᠴᠢᠨ ᠤ ᠡᠪᠯᠡᠯ ᠤᠨ ᠡᠮᠴᠢᠯᠡᠭᠡ ᠰᠤᠪᠢᠯᠠᠯᠲᠠ ᠶᠢᠨ ᠬᠥᠭᠵᠢᠶᠡᠨ ᠦᠭᠡᠢ ᠤᠯᠠᠷᠢᠯ ᠳᠤ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠳᠤ ᠬᠠᠷᠢᠶᠠᠯᠠᠭᠳᠠᠬᠤ ᠠᠵᠢᠯᠴᠢᠨ ᠤ | ᠰᠤᠪᠢᠯᠠᠯᠲᠠ ᠶᠢᠨ ᠬᠦᠷᠢᠶᠡᠯᠡᠩ ᠳᠤ ᠵᠤᠬᠢᠶᠠᠨ ᠪᠠᠶᠢᠭᠤᠯᠵᠦ ᠥᠷᠨᠢᠭᠦᠯᠦᠭᠰᠡᠨ ᠡᠯ᠎ᠡ ᠲᠦᠷᠦᠯ ᠤᠨ ᠡᠮᠴᠢᠯᠡᠭᠡ | ᠰᠤᠪᠢᠯᠠᠯᠲᠠ ᠶᠢᠨ ᠠᠵᠢᠯᠯᠠᠭ᠎ᠠ ᠳᠤ ᠪᠡᠯᠡ ᠮᠥᠩᠭᠦᠨ ᠤ ᠨᠥᠬᠦᠪᠦᠷᠢ ᠥᠭᠴᠦ᠂ ᠨᠥᠬᠦᠪᠦᠷᠢ ᠶᠢᠨ ᠪᠠᠷᠢᠮᠵᠢᠶ᠎ᠠ ᠨᠢ | ᠬᠥᠮᠥᠨ ᠪᠦᠷᠢ ᠡᠳᠦᠷ ᠲᠤ 200 ᠲᠥᠭᠦᠷᠢᠭ ᠪᠣᠯᠣᠨ᠎ᠠ᠃ | ᠣᠶᠢᠯᠠᠭᠠᠭᠰᠠᠨ ᠢᠶᠠᠷ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ | ᠲᠢᠩᠬᠢᠮ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠠᠷᠪᠠᠨ ᠵᠦᠢᠯ ᠤᠨ ᠠᠷᠭ᠎ᠠ ᠬᠡᠮᠵᠢᠶ᠎ᠡ︾ ᠠᠪᠴᠤ | ᠠᠵᠢᠯᠲᠠᠨ ᠠᠵᠢᠯᠴᠢᠨ ᠤ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ ᠪᠠᠳᠠᠷᠠᠭᠤᠯᠬᠤ ᠶᠢ ᠠᠬᠢᠭᠤᠯᠬᠤ ᠪᠠᠷ | ᠳᠤᠬᠳᠠᠪᠠ᠂ ᠠᠵᠢᠯᠲᠠᠨ ᠠᠵᠢᠯᠴᠢᠨ ᠤ ᠡᠮᠴᠢᠯᠡᠭᠡ ᠰᠤᠪᠢᠯᠠᠯᠳᠠ ᠶᠢᠨ ᠬᠡᠪᠴᠢᠶ᠎ᠡ ᠶᠢ ᠥᠷᠭᠡᠳᠬᠡᠬᠦ ᠪᠣᠯ ᠲᠡᠭᠦᠨ ᠤ | ᠳᠣᠲᠣᠷᠠᠬᠢ ᠨᠢᠭᠡ ᠨᠢ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠰᠤᠳᠤᠯᠤᠨ ᠲᠣᠭᠲᠠᠭᠠᠬᠤ ᠪᠠᠷ ᠳᠡᠮᠵᠢᠨ᠂ ︽ᠠᠵᠢᠯᠴᠢᠨ ᠤ ᠰᠤᠪᠢᠯᠠᠯᠲᠠ ᠶᠢᠨ | ᠬᠦᠷᠢᠶᠡᠯᠡᠩ ᠤᠨ ᠬᠥᠭᠵᠢᠯᠲᠡ ᠶᠢ ᠳᠡᠮᠵᠢᠵᠦ ᠬᠥᠭᠵᠢᠶᠡᠨ ᠦᠭᠡᠢ ᠤᠯᠠᠷᠢᠯ ᠤᠨ ᠡᠮᠴᠢᠯᠡᠭᠡ ᠰᠤᠪᠢᠯᠠᠯᠲᠠ ᠶᠢᠨ | ᠠᠵᠢᠯᠯᠠᠭ᠎ᠠ ᠳᠤ ᠪᠡᠯᠡ ᠮᠥᠩᠭᠦ ᠶᠢᠨ ᠨᠥᠬᠦᠪᠦᠷᠢ ᠥᠭᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ | ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠬᠡᠷᠡᠭᠯᠡᠭᠡ ᠳᠤ | ᠬᠦᠴᠦᠨ ᠨᠡᠮᠡᠷᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠤᠯᠤᠨ᠎ᠠ᠃ | ᠳᠤᠰ ︽ᠠᠷᠭ᠎ᠠ︾ ᠳᠠᠬᠢ ︽ᠠᠵᠢᠯᠲᠠᠨ ᠠᠵᠢᠯᠴᠢᠨ ᠤ ᠡᠮᠴᠢᠯᠡᠭᠡ ᠰᠤᠪᠢᠯᠠᠯᠲᠠ ᠶᠢᠨ ᠠᠵᠢᠯᠯᠠᠭ᠎ᠠ︾ ᠭᠡᠳᠡᠭ ᠨᠢ | ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠢᠶᠠᠨ ᠤ ᠱᠠᠲᠤ ︵ᠪᠠᠭᠲᠠᠨ᠎ᠠ︶ ᠠᠴᠠ ᠳᠡᠭᠡᠭᠰᠢᠬᠢ ᠠᠵᠢᠯᠴᠢᠨ ᠤ | ᠡᠪᠯᠡᠯ ᠤᠨ ᠵᠣᠬᠢᠶᠠᠨ ᠪᠠᠶᠢᠭᠤᠯᠵᠦ ᠥᠷᠨᠢᠭᠦᠯᠦᠭᠰᠡᠨ ᠵᠢᠱᠢᠶ᠎ᠡ ᠦᠵᠡᠭᠦᠯᠬᠦ ᠴᠢᠨᠠᠷᠲᠠᠢ ᠠᠵᠢᠯᠲᠠᠨ ᠠᠵᠢᠯᠴᠢᠨ ᠤ | ᠡᠮᠴᠢᠯᠡᠭᠡ ᠰᠤᠪᠢᠯᠠᠯᠲᠠ ᠶᠢᠨ ᠠᠵᠢᠯᠯᠠᠭ᠎ᠠ ︵ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ | ᠲᠣᠰ ᠱᠠᠲᠤᠨ ᠤ ᠵᠣᠬᠢᠶᠠᠨ ᠪᠠᠶᠢᠭᠤᠯᠤᠬᠰᠠᠨ ᠵᠢᠱᠢᠶ᠎ᠡ ᠦᠵᠡᠭᠦᠯᠬᠦ ᠴᠢᠨᠠᠷᠲᠠᠢ ᠠᠵᠢᠯᠲᠠᠨ ᠠᠵᠢᠯᠴᠢᠨ ᠤ ᠡᠮᠴᠢᠯᠡᠭᠡ | ᠰᠤᠪᠢᠯᠠᠯᠲᠠ ᠶᠢᠨ ᠠᠵᠢᠯᠯᠠᠭ᠎ᠠ ᠪᠠᠭᠲᠠᠬᠤ ᠦᠭᠡᠢ︶ ᠵᠢᠴᠢ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠲᠤᠰ | ᠨᠢᠬᠡᠴᠡ ᠶᠢᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠣᠷᠣᠯᠴᠠᠭᠤᠯᠤᠭᠰᠠᠨ ᠡᠮᠴᠢᠯᠡᠭᠡ ᠰᠤᠪᠢᠯᠠᠯᠲᠠ ᠶᠢᠨ | ᠠᠵᠢᠯᠯᠠᠭ᠎ᠠ ᠶᠢ ᠵᠢᠭᠠᠵᠤ ᠪᠣᠶ︔ ︽ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠳᠤ | ᠬᠠᠷᠢᠶᠠᠯᠠᠭᠳᠠᠬᠤ ᠠᠵᠢᠯᠴᠢᠨ ᠤ ᠰᠤᠪᠢᠯᠠᠯᠲᠠ ᠶᠢᠨ ᠬᠦᠷᠢᠶᠡᠯᠡᠩ︾ ᠭᠡᠳᠡᠭ ᠨᠢ ᠥᠪᠡᠷᠲᠡᠭᠡᠨ ᠵᠠᠰᠠᠬᠤ ᠣᠷᠣᠨ ᠤ | ᠠᠵᠢᠯᠴᠢᠨ ᠤ ᠶᠡᠷᠦᠩᠬᠡᠢ ᠡᠪᠯᠡᠯ ᠳᠤ ᠬᠠᠷᠢᠶᠠᠯᠠᠭᠳᠠᠬᠤ ᠥᠪᠥᠷ ᠮᠣᠩᠭᠤᠯ ᠤᠨ ᠠᠵᠢᠯᠴᠢᠨ ᠤ ᠰᠤᠪᠢᠯᠠᠯᠲᠠ ᠶᠢᠨ | ᠬᠦᠷᠢᠶᠡᠯᠡᠩ ᠪᠣᠯᠣᠨ ᠪᠤᠭᠤᠲᠤ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠳᠤ ᠬᠠᠷᠢᠶᠠᠯᠠᠭᠳᠠᠬᠤ ᠥᠪᠥᠷ | ᠮᠣᠩᠭᠤᠯ ᠤᠨ ᠠᠵᠢᠯᠴᠢᠨ ᠤ ᠪᠤᠭᠤᠲᠤ ᠶᠢᠨ ᠰᠤᠪᠢᠯᠠᠯᠲᠠ ᠶᠢᠨ ᠬᠦᠷᠢᠶᠡᠯᠡᠩ ᠢ ᠵᠢᠭᠠᠵᠤ ᠪᠣᠶ︔ ︽ᠬᠥᠭᠵᠢᠶᠡᠨ | ᠦᠭᠡᠢ ᠤᠯᠠᠷᠢᠯ ᠤᠨ ᠡᠮᠴᠢᠯᠡᠭᠡ ᠰᠤᠪᠢᠯᠠᠯᠲᠠ︾ ᠭᠡᠳᠡᠭ ᠨᠢ ᠤᠯᠠᠷᠢᠯ ᠤᠨ ᠨᠥᠯᠥᠭᠡ ᠠᠴᠠ ᠪᠣᠯᠵᠤ ᠠᠵᠢᠯᠴᠢᠨ ᠤ | ᠰᠤᠪᠢᠯᠠᠯᠲᠠ ᠶᠢᠨ ᠬᠦᠷᠢᠶᠡᠯᠡᠩ ᠤᠨ ᠬᠡᠷᠡᠭᠯᠡᠯᠲᠡ ᠶᠢᠨ ᠨᠣᠷᠮ᠎ᠠ ᠳᠣᠣᠷ᠎ᠠ ᠰᠢᠭ ᠪᠠᠶᠢᠳᠠᠯ ᠳᠣᠣᠷ᠎ᠠ ᠥᠷᠨᠢᠭᠦᠯᠦᠭᠰᠡᠨ | ᠡᠮᠴᠢᠯᠡᠭᠡ ᠰᠤᠪᠢᠯᠠᠯᠲᠠ ᠶᠢᠨ ᠠᠵᠢᠯᠯᠠᠭ᠎ᠠ ᠶᠢ ᠵᠢᠭᠠᠵᠤ ᠪᠠᠶᠢᠨ᠎ᠠ᠃ ᠮᠠᠨ ᠤ ᠣᠷᠣᠨ ᠤ ᠡᠮᠴᠢᠯᠡᠭᠡ ᠰᠤᠪᠢᠯᠠᠯᠲᠠ ᠶᠢᠨ | ᠪᠣᠳᠠᠲᠠᠢ ᠪᠠᠶᠢᠳᠠᠯ ᠢ ᠦᠨᠳᠦᠰᠦᠯᠡᠪᠡᠯ᠂ ᠵᠢᠯ ᠪᠦᠷᠢ ᠶᠢᠨ 11 ᠰᠠᠷ᠎ᠠ ᠠᠴᠠ ᠳᠠᠷᠠᠭ᠎ᠠ ᠵᠢᠯ ᠤᠨ 5 ᠰᠠᠷ᠎ᠠ ᠬᠦᠷᠲᠡᠯᠡᠬᠢ | ᠬᠤᠭᠤᠴᠠᠭ᠎ᠠ ᠶᠢ ᠡᠮᠴᠢᠯᠡᠭᠡ ᠰᠤᠪᠢᠯᠠᠯᠲᠠ ᠶᠢᠨ ᠬᠦᠭᠵᠢᠶᠡᠨ ᠦᠭᠡᠢ ᠤᠯᠠᠷᠢᠯ ᠬᠡᠵᠦ᠂ ᠡᠮᠴᠢᠯᠡᠭᠡ ᠰᠤᠪᠢᠯᠠᠯᠲᠠ ᠶᠢᠨ | ᠠᠵᠢᠯᠯᠠᠭ᠎ᠠ ᠶᠢᠨ ᠴᠠᠭ ᠬᠤᠭᠤᠴᠠᠭ᠎ᠠ ᠶᠢ 2 ᠠᠴᠠ 6 ᠡᠳᠦᠷ ︵ᠬᠤᠨᠤᠭ ᠢ ᠪᠠᠭᠲᠠᠭᠠᠵᠦ᠂ ᠶᠠᠪᠤᠵᠦ ᠢᠷᠡᠬᠦ ᠴᠠᠭ ᠢ | ᠪᠠᠭᠲᠠᠭᠠᠬᠤ ᠦᠭᠡᠢ︶ ᠪᠠᠶᠢᠯᠭᠠᠨ᠎ᠠ᠃ |