ᠰᠤᠷᠲᠠᠯ ᠴᠢᠬᠡᠴᠢ ᠪᠤᠯ ᠤᠪᠤᠷ ᠲᠥᠪ᠂ ᠤᠪᠤᠷ ᠲᠥᠪ ᠪᠤᠯ ᠰᠡᠳᠭᠢᠯ ᠨᠢᠭᠡᠳᠡᠢ᠂ ᠰᠡᠳᠭᠢᠯ ᠨᠢᠭᠡᠳᠪᠡᠯ ᠠᠵᠢᠯ | ᠶᠠᠪᠤᠳᠠᠯ ᠪᠦᠲᠦᠨ᠎ᠡ᠃ | ᠨᠠᠮ ᠤᠨ ᠲᠥᠪ ᠬᠤᠷᠢᠶ᠎ᠠ ᠠᠴᠠ 2025 ᠣᠨ ᠳᠤ ᠪᠦᠬᠦ ᠤᠯᠤᠰ ᠤᠨ ᠬᠤᠶᠠᠷ ᠬᠤᠷᠠᠯ ᠤᠨ ᠲᠠᠷᠠᠭ᠎ᠠ ᠠᠴᠠ 7 | ᠰᠠᠷ᠎ᠠ ᠪᠣᠯᠲᠠᠯ᠎ᠠ ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠳᠣᠣᠱᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠠᠷ ᠲᠣᠭᠲᠠᠪᠠ᠃ ᠡᠨᠡ ᠪᠣᠯ ᠨᠠᠮ ᠤᠨ ᠭᠡᠰᠢᠭᠦᠨ | ᠺᠠᠳ᠋ᠷᠴᠤᠳ ᠲᠤ ᠪᠠᠰᠠ ᠨᠢᠬᠡ ᠤᠳᠠᠭ᠎ᠠ ᠶᠢᠨ ᠦᠵᠡᠯ ᠰᠠᠨᠠᠭ᠎ᠠ ᠤᠨᠤᠯ ᠤᠨ ᠬᠥᠮᠦᠵᠢᠯ ᠦᠷᠨᠢᠬᠦᠯᠵᠤ᠂ ᠤᠨᠤᠯ ᠢᠶᠠᠷ | ᠲᠠᠬᠢᠨ ᠵᠡᠪᠰᠡᠭᠯᠡᠬᠦ ᠶᠠᠪᠤᠳᠠᠯ ᠮᠥᠨ᠂ ᠰᠠᠬᠢᠯᠭ᠎ᠠ ᠪᠠᠲᠤ ᠣᠪᠣᠷ ᠰᠤᠷᠲᠠᠯ ᠢ ᠪᠠᠰᠠ ᠨᠢᠭᠡ ᠤᠳᠠᠭ᠎ᠠ ᠲᠠᠬᠢᠨ ᠰᠢᠯᠭᠠᠨ | ᠦᠵᠡᠵᠦ᠂ ᠲᠠᠬᠢᠨ ᠳᠡᠭᠡᠭᠰᠢᠯᠡᠭᠦᠯᠬᠦ ᠶᠠᠪᠤᠳᠠᠯ ᠮᠥᠨ᠃ ᠤᠢᠢᠷ᠎ᠠ ᠶᠢᠨ ᠡᠳᠦᠷ ᠤᠳ ᠲᠤ ᠪᠦᠬᠦ ᠣᠷᠣᠨ ᠤ ᠡᠯ᠎ᠡ | ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠳᠠᠷᠤᠢ ᠲᠦᠷᠭᠡᠨ ᠪᠠᠶᠢᠷᠢᠯᠠᠭᠤᠯᠤᠨ | ᠡᠬᠢᠯᠡᠬᠦᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠤᠨ | ᠬᠠᠷᠢᠭᠤᠴᠠᠯᠭᠠᠲᠤ ᠰᠡᠳᠭᠢᠯᠭᠡ ᠳᠣᠯᠭᠠᠮ᠎ᠠ ᠪᠤᠳᠤᠯ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮᠴᠢ ᠴᠢᠨᠠᠷ | ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ | ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠶᠢ ᠬᠠᠷᠢᠯᠴᠠᠨ ᠨᠡᠪᠳᠡᠷᠡᠯᠴᠡᠬᠦᠯᠬᠦ ᠶᠢ ᠪᠠᠷᠢᠮᠲᠠᠯᠠᠵᠤ᠂ ᠰᠤᠷᠤᠯᠴᠠᠯᠭ᠎ᠠ | ᠬᠥᠮᠦᠵᠢᠯ ᠢ ᠡᠮᠬᠢ ᠵᠢᠷᠤᠮ ᠲᠠᠢ ᠪᠦᠲᠦᠮᠵᠢᠲᠡᠢ ᠥᠷᠨᠢᠭᠦᠯᠬᠦ ᠶᠢ ᠠᠬᠢᠭᠤᠯᠪᠠ᠃ | ᠨᠠᠢᠮᠠᠨ ᠲᠣᠭᠲᠠᠭᠠᠯ ᠤᠨ ᠡᠨᠡᠬᠦ ᠵᠠᠩᠬᠢᠯᠠᠭ᠎ᠠ ᠶᠢ ᠨᠠᠶᠢᠳᠠᠪᠤᠷᠢᠵᠢᠭᠤᠯᠤᠬᠰᠠᠨ ᠢᠶᠠᠷ ᠰᠤᠷᠲᠠᠯ ᠤᠨ ᠪᠠᠶᠢᠭᠤᠯᠤᠯᠲᠠ | ᠪᠦᠬᠦ ᠲᠠᠯ᠎ᠠ ᠪᠠᠷ ᠠᠮᠢᠳᠤᠯᠢᠭᠵᠢᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠢᠮᠠᠭᠲᠠ ᠴᠢᠩᠭ᠎ᠠ ᠠᠳᠬᠤᠪᠠ᠃ ᠠᠷᠪᠠ ᠭᠠᠷᠤᠢ ᠵᠢᠯ ᠤᠨ ᠲᠤᠷᠰᠢ᠂ ᠥᠪᠥᠷ ᠮᠣᠩᠭᠤᠯ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠴᠥᠬᠦᠷᠡᠰᠢ ᠦᠭᠡᠢ ᠳᠣᠣᠱᠯᠠᠭᠤᠯᠵᠦ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠰᠤᠷᠲᠠᠯ ᠤᠨ | ᠠᠰᠠᠭᠤᠳᠠᠯ ᠠᠴᠠ ᠡᠬᠢᠯᠡᠨ ᠠᠳᠬᠤᠵᠤ᠂ ᠪᠣᠳᠠᠲᠠᠢ ᠶᠠᠪᠤᠳᠠᠯ ᠠᠴᠠ ᠡᠬᠢᠯᠡᠨ ᠠᠳᠬᠤᠵᠤ᠂ ᠵᠠᠩᠭᠢᠯᠠᠭ᠎ᠠ ᠶᠢᠨ ᠴᠡᠭ | ᠪᠤᠯᠭᠠᠨ ᠢ ᠪᠠᠲᠤ ᠰᠠᠬᠢᠵᠤ᠂ ᠨᠢᠬᠡ ᠨᠢᠬᠡ ᠠᠰᠠᠭᠤᠳᠠᠯ ᠢᠶᠠᠷ ᠰᠢᠢᠳᠪᠦᠷᠢᠯᠡᠵᠦ᠂ ᠨᠢᠭᠡ ᠨᠢᠭᠡ ᠬᠦᠷᠢᠶ᠎ᠡ ᠴᠠᠷᠠᠭ᠎ᠠ ᠪᠠᠷ | ᠠᠬᠢᠭᠤᠯᠵᠤ᠂ ᠤᠷᠳᠤ ᠬᠤᠭᠤᠴᠠᠭ᠎ᠠ ᠪᠠᠷ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ | ᠬᠤᠷᠢᠭᠯᠠᠵᠤ᠂ ᠤᠯᠠᠨ ᠵᠢᠯ ᠤᠨ ᠲᠤᠷᠰᠢ ᠠᠷᠢᠯᠤᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠵᠤ᠂ | ᠨᠠᠮ ᠤᠨ ᠰᠤᠷᠲᠠᠯ ᠵᠠᠰᠠᠭ ᠤᠨ ᠰᠤᠷᠲᠠᠯ ᠳᠤ ᠴᠤ ᠰᠢᠨ᠎ᠡ ᠲᠦᠷᠰᠦ ᠪᠠᠶᠢᠳᠠᠯ ᠢᠯᠡᠷᠡᠵᠦ᠂ ᠨᠡᠶᠢᠭᠡᠮ ᠤᠨ ᠰᠤᠷᠲᠠᠯ | ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ | ᠰᠤᠷᠲᠠᠯ ᠪᠣᠯ ᠳᠠᠷᠤᠶ ᠳᠦᠷᠢ ᠲᠥᠷᠬᠦ ᠮᠥᠨ᠂ ᠰᠤᠷᠲᠠᠯ ᠪᠣᠯ ᠳᠠᠷᠤᠶ ᠬᠦᠴᠦᠨ ᠴᠢᠳᠠᠯ ᠮᠥᠨ᠃ ᠡᠨᠡ ᠵᠢᠯ | ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ | ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠠᠶᠢᠵᠤ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠦᠨ ᠪᠠᠶᠢᠷᠢᠰᠢᠭᠤᠯᠬᠤ ᠪᠣᠯᠤᠨ᠎ᠠ᠃ ᠥᠪᠥᠷ | ᠮᠣᠩᠭᠤᠯ ᠨᠢᠭᠡ ᠭᠤᠣᠯ ᠰᠢᠵᠢᠮ ᠢ ᠳᠣᠣᠱᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠴᠥᠮ ᠰᠠᠶᠢᠨ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ | ᠥᠷᠨᠢᠭᠦᠯᠬᠦ ᠶᠢ ᠪᠠᠲᠤᠯᠠᠬᠤ ᠴᠢᠬᠤᠯᠠᠲᠠᠢ᠃ ᠪᠢᠳᠡ ᠡᠨᠡ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ | ᠲᠣᠬᠢᠶᠠᠯ ᠪᠣᠯᠭᠠᠵᠤ᠂ ᠴᠢᠩᠭ᠎ᠠ ᠠᠷᠭ᠎ᠠ ᠬᠡᠮᠵᠢᠶ᠎ᠡ ᠠᠪᠴᠤ᠂ ︽ᠰᠤᠷᠤᠯᠴᠠᠪᠠᠯ︾ ᠲᠠᠷᠤᠢ ᠰᠡᠳᠭᠢᠯ ᠵᠢᠷᠦᠬᠡᠨ ᠳᠡᠭᠡᠨ | ᠬᠠᠳᠠᠩᠰᠢᠳᠠᠯ᠎ᠠ ᠰᠤᠷᠤᠯᠴᠠᠵᠤ᠂ ᠤᠶᠢᠯᠠᠭᠠᠯᠲᠠ ᠲᠠᠢ᠂ ᠣᠯᠤᠯᠲᠠ ᠲᠠᠢ ᠪᠠᠶᠢᠬᠤ ᠬᠡᠷᠡᠭᠲᠡᠢ︔ ︽ᠪᠠᠶᠢᠴᠠᠭᠠᠪᠠᠯ︾ | ᠲᠠᠷᠤᠢ ᠦᠨᠡᠨ ᠬᠦ ᠬᠠᠲᠠᠭᠤ ᠲᠠᠢ ᠨᠢ ᠬᠠᠯᠳᠠᠵᠤ᠂ ᠠᠩᠬᠠᠷᠤᠯ ᠢᠶᠠᠨ ᠣᠨᠣᠪᠴᠢᠲᠠᠢ ᠲᠥᠪᠯᠡᠷᠡᠭᠦᠯᠵᠦ᠂ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ︽ᠴᠡᠭᠴᠡᠯᠡᠨ ᠰᠠᠶᠢᠵᠢᠷᠠᠭᠤᠯᠪᠠᠯ︾ ᠲᠠᠷᠤᠢ ᠦᠨᠡᠨ ᠪᠣᠳᠠᠲᠠᠢ | ᠬᠢᠵᠦ᠂ ᠬᠤᠪᠢᠷᠠᠯᠲᠠ ᠲᠠᠢ᠂ ᠦᠷ᠎ᠡ ᠪᠦᠲᠦᠮᠵᠢ ᠲᠠᠢ ᠪᠠᠶᠢᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ | ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠣᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ | ᠰᠠᠶᠢᠵᠢᠷᠠᠭᠤᠯᠬᠤ᠂ ᠱᠠᠯᠠᠪᠳᠠᠭᠤᠯᠬᠤ︾ ᠵᠡᠷᠭᠡ ᠠᠵᠢᠯ ᠢ ᠰᠠᠶᠢᠲᠤᠷ ᠬᠢᠬᠦ ᠲᠠᠢ ᠨᠢᠭᠡᠳᠦᠯᠲᠡᠢ ᠲᠥᠯᠥᠪᠵᠢᠭᠦᠯᠵᠦ᠂ | ᠨᠢᠭᠡ ᠭᠤᠣᠯ ᠰᠢᠵᠢᠮ ᠢ ᠳᠣᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ | ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ | ᠥᠷᠨᠢᠭᠦᠯᠬᠦ ᠲᠠᠢ ᠤᠶᠠᠯᠳᠤᠭᠤᠯᠵᠤ᠂ ᠰᠢᠯᠢᠳᠡᠭ ᠰᠤᠷᠲᠠᠯ ᠢᠶᠠᠷ ᠰᠡᠳᠭᠢᠯ ᠢᠶᠠᠨ ᠨᠢᠭᠡᠳᠭᠡᠨ ᠬᠦᠴᠦ ᠪᠠᠨ | ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ᠃ | ᠳᠡᠭᠡᠷ᠎ᠡ ᠠᠴᠠ ᠨᠢ ᠬᠥᠮᠦᠨ ᠢ ᠱᠠᠭᠠᠷᠳᠠᠵᠤ᠂ ᠬᠤᠶᠢᠨ᠎ᠠ ᠠᠴᠠ ᠨᠢ ᠬᠥᠮᠦᠨ ᠢ ᠱᠠᠯᠠᠪᠳᠠᠭᠤᠯᠬᠤ ᠨᠢ ᠡᠮᠦᠨ᠎ᠡ ᠨᠢ | ᠤᠷᠤᠵᠤ ᠬᠥᠮᠦᠨ ᠢ ᠳᠠᠶᠢᠴᠢᠯᠠᠬᠤ ᠶᠢ ᠬᠦᠷᠬᠦ ᠦᠭᠡᠢ᠃ ᠤᠳᠤᠷᠢᠳᠬᠤ ᠺᠠᠳ᠋ᠷᠴᠤᠳ ᠰᠠᠶᠢᠨ ᠳᠠᠭᠠᠭᠤᠯᠤᠭᠴᠢ ᠪᠣᠯᠬᠤ | ᠪᠣᠯ ᠳᠠᠭᠤᠨ ᠦᠭᠡᠢ ᠦᠯᠢᠭᠡᠷ ᠳᠠᠭᠤᠷᠢᠶᠠᠯ ᠮᠥᠨ᠂ ︽ᠬᠢᠵᠤ ᠪᠡᠶᠡᠯᠡᠬᠦᠯ︾ ᠭᠡᠵᠦ ᠮᠢᠩᠭᠠᠨᠳᠠ ᠬᠠᠰᠭᠢᠷᠬᠤ ᠨᠢ ︽ | ᠨᠠᠳᠠ ᠶᠢ ᠲᠠᠭᠠᠭᠠᠳ ᠬᠢᠵᠤ ᠪᠠᠢ︾ ᠭᠡᠬᠦ ᠨᠢᠭᠡ ᠦᠭᠡ ᠶᠢ ᠬᠦᠷᠬᠦ ᠦᠭᠡᠢ᠃ ᠤᠳᠤᠷᠢᠳᠬᠤ ᠪᠠᠶᠢᠭᠤᠯᠭ᠎ᠠ ᠪᠠ | ᠤᠳᠤᠷᠢᠳᠬᠤ ᠺᠠᠳ᠋ᠷᠴᠤᠳ ᠪᠣᠯ ᠨᠠᠮ ᠤᠨ ᠰᠤᠷᠲᠠᠯ ᠨᠡᠶᠢᠭᠡᠮ ᠤᠨ ᠰᠤᠷᠲᠠᠯ ᠤᠨ ᠵᠦᠭᠯᠡᠭᠦᠷ ᠮᠥᠨ᠂ ᠢᠯᠠᠩᠭᠤᠶ᠎ᠠ ︽ | ᠲᠦᠷᠦᠭᠦᠴᠢ ᠭᠠᠯᠠᠭᠤ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠦᠯᠢᠭᠡᠷ ᠳᠠᠭᠤᠷᠢᠶᠠᠯ ᠪᠣᠯᠵᠤ᠂ ᠲᠦᠷᠦᠭᠦᠯᠡᠨ ᠬᠢᠵᠦ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ | ᠪᠠᠶᠢᠴᠠᠭᠠᠵᠤ᠂ ᠲᠦᠷᠦᠭᠦᠯᠡᠨ ᠴᠡᠭᠴᠡᠯᠡᠨ ᠰᠠᠶᠢᠵᠢᠷᠠᠭᠤᠯᠵᠤ᠂ ︽ᠬᠡᠯᠡᠬᠦ ᠳᠡᠭᠡᠨ ᠴᠢᠬᠤᠯᠠ ᠬᠡᠵᠤ᠂ ᠬᠠᠰᠭᠢᠷᠬᠤ ᠨᠢ | ᠬᠠᠩᠭᠢᠨᠠᠮ᠎ᠠ᠂ ᠬᠢᠬᠦ ᠨᠢ ᠬᠠᠷᠢᠨ ᠬᠡᠢ ᠬᠤᠭᠤᠰᠣᠨ︾ ᠪᠠᠶᠢᠬᠤ ᠶᠢ ᠡᠷᠡᠰ ᠲᠡᠪᠴᠢᠵᠦ᠂ ︽ᠠᠰᠠᠷ ᠤᠨ ᠱᠠᠲᠤᠨ ᠳᠤ | ᠬᠦᠯ ᠤᠨ ᠴᠢᠮᠡᠭᠡ ᠰᠣᠨᠣᠰᠳᠠᠬᠤ ᠠᠴᠠ ᠪᠢᠰᠢ ᠬᠥᠮᠦᠨ ᠨᠢ ᠪᠠᠭᠤᠵᠤ ᠢᠷᠡᠬᠦ ᠦᠭᠡᠢ︾ ᠪᠠᠶᠢᠬᠤ ᠶᠢ ᠡᠷᠡᠰ | ᠬᠤᠷᠢᠭᠯᠠᠬᠤ ᠬᠡᠷᠡᠭᠲᠡᠢ᠃ ᠪᠠᠶ᠎ᠠ ᠪᠠᠷ ᠢᠶᠠᠨ ᠲᠦᠷᠦᠭᠦᠯᠡᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠵᠢᠷᠤᠮᠯᠠᠵᠤ᠂ ᠭᠠᠭᠴᠠᠭᠠᠷ ᠪᠠᠶᠢᠬᠤ ᠳᠠᠭᠠᠨ ᠪᠠᠶ᠎ᠠ ᠪᠠᠨ ᠪᠡᠷᠢᠬᠤ ᠶᠢ ᠬᠢᠴᠢᠶᠡᠵᠤ᠂ ᠠᠩᠬ᠎ᠠ ᠡᠬᠢᠯᠡᠬᠦ ᠦᠶ᠎ᠠ ᠳᠤ | ᠬᠢᠴᠢᠶᠡᠵᠤ᠂ ᠪᠠᠭ᠎ᠠ ᠶᠠᠪᠤᠳᠠᠯ ᠳᠤ ᠬᠠᠨᠳᠤᠬᠤ ᠳᠠᠭᠠᠨ ᠴᠤ ᠬᠢᠴᠢᠶᠡᠵᠤ᠂ ᠬᠦᠰᠡᠯ ᠳᠤᠷᠠᠰᠢᠯ ᠢ ᠲᠡᠪᠴᠢᠵᠤ᠂ ᠢᠮᠠᠭᠲᠠ | ᠲᠥᠪ ᠭᠤᠣᠯᠴᠢ ᠠᠷᠢᠭᠤᠨ ᠴᠢᠬᠡᠴᠢ ᠰᠠᠶᠢᠨ ᠰᠠᠶᠢᠬᠠᠨ ᠲᠦᠷᠢ ᠲᠥᠷᠬᠦ ᠪᠠᠨ ᠪᠠᠲᠤᠯᠠᠬᠤ ᠬᠡᠷᠡᠭᠲᠡᠢ᠃ | ᠪᠠᠶ᠎ᠠ ᠪᠠᠷ ᠢᠶᠠᠨ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ ᠪᠣᠳᠠᠲᠠᠶ ᠠᠵᠢᠯᠯᠠᠨ᠂ ᠪᠠᠶᠢᠴᠠᠭᠠᠨ ᠰᠤᠳᠤᠯᠤᠯᠲᠠ ᠶᠢ | ᠭᠦᠨᠵᠡᠭᠡᠶ ᠥᠷᠨᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠭᠤᠤᠯᠳᠠᠯᠭ᠎ᠠ ᠲᠠᠢ ᠡᠭᠦᠷᠭᠡ ᠶᠢ ᠴᠢᠩᠭ᠎ᠠ | ᠠᠳᠬᠤᠨ ᠪᠣᠳᠠᠲᠠᠶ ᠠᠳᠬᠤᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ᠃ | ᠰᠤᠷᠲᠠᠯ ᠤᠨ ᠪᠠᠶᠢᠭᠤᠯᠤᠯᠲᠠ ᠡᠬᠦᠷᠢᠳᠡ ᠵᠤᠬᠰᠤᠰᠢ ᠦᠭᠡᠢ᠃ ︽ᠲᠥᠪ ᠤᠨ ᠨᠠᠢᠮᠠᠨ ᠲᠣᠭᠲᠠᠭᠠᠯ ᠤᠨ | ᠬᠠᠰᠢᠯᠭ᠎ᠠ ᠶᠢ ᠬᠢᠯᠪᠡᠷ ᠪᠤᠰᠤ ᠪᠠᠷ ᠪᠤᠰᠬᠠᠬᠰᠠᠨ ᠶᠤᠮ᠂ ᠵᠠᠪᠠᠯ ᠬᠤᠪᠢ ᠳᠠᠬᠢᠨ ᠨᠠᠨᠳᠢᠩᠨᠠᠵᠤ᠂ ᠲᠠᠰᠤᠷᠠᠯᠲᠠ ᠦᠭᠡᠢ | ᠬᠠᠰᠢᠯᠭ᠎ᠠ ᠶᠢ ᠪᠠᠶᠢᠴᠠᠭᠠᠨ ᠵᠠᠰᠠᠵᠤ᠂ ᠰᠢᠷᠣᠢ ᠨᠡᠮᠡᠵᠦ ᠪᠠᠬᠢᠵᠢᠭᠦᠯᠬᠦ ᠬᠡᠷᠡᠭᠲᠡᠢ︾᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠳᠣᠣᠱᠯᠠᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ︽ᠬᠤᠶᠠᠷ ᠰᠤᠷᠤᠯᠴᠠᠯᠭ᠎ᠠ︾ ᠶᠢ ᠰᠠᠶᠢᠲᠤᠷ ᠠᠳᠬᠤᠵᠤ᠂ ︽ | ᠬᠤᠶᠠᠷ ᠲᠠᠨᠢᠯᠲᠠ︾ ᠶᠢ ᠳᠡᠭᠡᠭᠰᠢᠯᠡᠭᠦᠯᠵᠦ᠂ ︽ᠬᠤᠶᠠᠷ ᠬᠠᠷᠢᠯᠴᠠᠬᠤ︾ ᠶᠢ ᠴᠢᠬᠤᠯᠠᠴᠢᠯᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠰᠠᠶᠢᠨ ᠰᠤᠷᠲᠠᠯ ᠰᠠᠶᠢᠨ ᠲᠦᠷᠢ ᠲᠥᠷᠬᠦ ᠪᠠᠷ ᠰᠢᠨ᠎ᠡ ᠠᠶᠠᠨ ᠳᠠᠭᠠᠨ ᠰᠢᠨ᠎ᠡ ᠡᠭᠦᠷᠭᠡᠯᠡᠯ ᠰᠢᠨ᠎ᠡ | ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡᠯ᠂ ᠪᠢᠳᠡ ᠯᠠᠪᠲᠠᠢ ᠬᠥᠭᠵᠢᠯᠲᠡ ᠶᠢᠨ ᠰᠠᠶᠢᠨ ᠠᠵᠠ ᠲᠣᠬᠢᠶᠠᠯ ᠢ | ᠬᠥᠰᠡᠷᠳᠡᠭᠦᠯᠬᠦ ᠦᠭᠡᠢ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠶᠤᠮ᠃ |