ᠤᠶᠢᠷ᠎ᠠ ᠶᠢᠨ ᠡᠳᠦᠷ᠂ ᠰᠤᠷᠪᠤᠯᠵᠢᠯᠠᠭᠴᠢ ᠠᠯᠠᠱᠠ ᠠᠶᠢᠮᠠᠭ ᠤᠨ ᠬᠣ᠋ ᠮᠧᠩ ᠡᠨᠧᠷᠭᠢ ᠶᠢᠨ ᠠᠵᠤ ᠦᠢᠯᠡᠰ ᠤᠨ | ᠺᠣᠮᠫᠠᠨᠢ ᠶᠢᠨ ᠵᠢᠯ ᠳᠤ 300 ᠲᠦᠮᠡᠨ ᠲᠣᠨ ᠨᠡᠭᠦᠷᠡᠰᠦ ᠬᠡᠦᠷᠰᠢᠭᠦᠯᠬᠦ ᠲᠥᠷᠥᠯ ᠵᠦᠢᠯ ᠤᠨ ᠲᠤᠬᠠᠢ ᠶᠢᠨ | ᠲᠠᠯᠠᠪᠠᠶ ᠳᠤ ᠬᠦᠷᠬᠦ ᠳᠤ᠂ ᠡᠯ᠎ᠠ ᠲᠦᠷᠦᠯ ᠤᠨ ᠮᠠᠰᠢᠨ ᠲᠤᠨᠤᠭᠯᠠᠯ ᠬᠦᠷᠴᠢᠬᠢᠨᠠᠨ᠂ ᠠᠵᠢᠯᠳᠠᠳ ᠦᠪᠡᠷ ᠦᠪᠡᠷ ᠤᠨ | ᠠᠵᠢᠯ ᠤᠨ ᠪᠠᠶᠢᠷᠢᠨ ᠳᠠᠭᠠᠨ ᠶᠠᠭᠠᠷᠠᠵᠠᠭᠠᠵᠦ ᠪᠠᠶᠢᠯ᠎ᠠ᠃ ︽ᠲᠦᠷᠦᠯ ᠵᠦᠢᠯ ᠳᠤ ᠨᠢᠭᠡᠨᠲᠡ 7.5 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠭᠤᠣᠯᠳᠠᠭᠤ ᠬᠤᠶᠠᠷ ᠢᠵᠢ ᠬᠡᠦᠷᠡᠰᠦᠨ ᠵᠤᠤᠬ᠎ᠠ᠂ ᠬᠤᠶᠠᠷ ᠰᠠᠭᠤᠷᠢ | ᠦᠯᠡᠳᠡᠪᠦᠷᠢ ᠢᠯᠴᠢ ᠶᠢᠨ ᠵᠤᠤᠬ᠎ᠠ ᠵᠢᠴᠢ ᠠᠭᠤᠷ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠪᠦᠲᠦᠭᠡᠨ | ᠪᠠᠶᠢᠭᠤᠯᠵᠤ᠂ ᠣᠳᠣᠬᠠᠨ ᠳᠤ ᠬᠡᠰᠡᠭ ᠵᠦᠢᠯᠡᠰ ᠨᠢᠭᠡᠨᠲᠡ ᠠᠰᠢᠭᠯᠠᠯᠲᠠ ᠳᠤ ᠣᠷᠣᠵᠦ᠂ ᠵᠢᠯ ᠪᠦᠷᠢ ᠪᠠᠷᠤᠭ 100 | ᠲᠦᠮᠡᠨ ᠲᠣᠨ ᠤᠰᠤ ᠠᠷᠪᠢᠯᠠᠵᠤ ᠪᠤᠢ︾ ᠭᠡᠵᠦ ᠲᠤᠰ ᠺᠣᠮᠫᠠᠨᠢ ᠶᠢᠨ ᠬᠡᠦᠷᠡᠰᠦᠨ ᠦᠢᠯᠡᠳᠪᠦᠷᠢ ᠶᠢᠨ ᠲᠠᠰᠤᠭ ᠤᠨ | ᠡᠷᠬᠢᠯᠡᠭᠴᠢ ᠸᠠᠩ ᠶᠢᠨ ᠹᠠᠩ ᠬᠡᠯᠡᠪᠠ᠃ | ᠡᠨᠡ ᠵᠢᠯ ᠠᠴᠠ ᠨᠠᠭᠠᠰᠢ᠂ ᠠᠯᠠᠱᠠ ᠠᠶᠢᠮᠠᠭ ᠤᠨ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠬᠦᠨᠵᠡᠬᠡᠢ ᠠᠬᠢᠭᠤᠯᠵᠤ᠂ ᠠᠵᠤ ᠦᠢᠯᠡᠳᠪᠦᠷᠢ ᠶᠢᠨ ᠤᠰᠤ | ᠠᠷᠪᠢᠯᠠᠵᠤ ᠪᠣᠬᠢᠷᠲᠤᠯ ᠢ ᠪᠠᠭᠠᠰᠬᠠᠬᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ | ᠠᠮᠢᠳᠤᠷᠠᠯ ᠤᠨ ᠤᠰᠤ ᠠᠷᠪᠢᠯᠠᠵᠤ ᠬᠤᠷᠣᠭᠳᠠᠯ ᠢ ᠪᠠᠭᠠᠰᠬᠠᠬᠤ ᠭᠤᠷᠪᠠᠨ ᠶᠡᠭᠡ ᠬᠦᠷᠢᠶ᠎ᠠ ᠴᠠᠷᠠᠭᠠᠨ ᠳᠤ | ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠬᠦ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠪᠦᠬᠦ ᠠᠷᠠᠳ ᠤᠨ ᠤᠰᠤ | ᠠᠷᠪᠢᠯᠠᠬᠤ ᠤᠬᠠᠮᠰᠠᠷ ᠢ ᠲᠡᠬᠡᠭᠰᠢᠯᠡᠬᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠤᠰᠤᠨ ᠤ ᠡᠬᠢ ᠪᠠᠶᠠᠯᠢᠭ ᠢ | ᠠᠷᠪᠢᠯᠠᠵᠤ ᠡᠷᠴᠢᠮᠵᠢᠭᠦᠯᠦᠨ ᠠᠰᠢᠭᠯᠠᠬᠤ ᠰᠢᠨ᠎ᠡ ᠪᠠᠶᠢᠷᠢᠰᠢᠯ ᠢ ᠪᠦᠷᠢᠯᠳᠦᠬᠦᠯᠦᠭᠰᠡᠨ ᠪᠠᠶᠢᠨ᠎ᠠ᠃ | ᠠᠯᠠᠱᠠ ᠠᠶᠢᠮᠠᠭ ᠤᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠡᠨᠧᠷᠭᠢ ᠠᠷᠪᠢᠯᠠᠬᠤ | ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠵᠤ ᠦᠢᠯᠡᠳᠪᠦᠷᠢ ᠶᠢᠨ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠪᠣᠯᠭᠠᠵᠤ᠂ ᠬᠤᠷᠣᠭᠳᠠᠯ ᠶᠡᠭᠡ ᠪᠤᠶᠤ ᠭᠤᠣᠯᠳᠠᠯᠭᠠᠲᠦ ᠠᠵᠤ | ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠨᠠᠷᠢᠯᠢᠭ ᠣᠨᠣᠴᠠᠲᠠᠢ ᠬᠥᠲᠥᠯᠥᠨ ᠵᠢᠯᠤᠭᠤᠳᠬᠤ | ᠠᠵᠢᠯ ᠢ ᠴᠢᠩᠭᠠᠳᠬᠠᠵᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠬᠦᠭᠵᠢᠯᠳᠠ ᠶᠢ ᠠᠬᠢᠭᠤᠯᠬᠤ ᠶᠢᠨ ᠬᠠᠮᠲᠤ᠂ | ᠠᠵᠤ ᠠᠬᠤᠶᠢᠯᠠᠯ ᠢ ᠬᠠᠪᠰᠤᠷᠤᠨ ᠵᠢᠯᠤᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢᠨ ᠲᠤᠰᠬᠠᠢ ᠪᠡᠯᠡ ᠮᠥᠩᠭᠦ ᠵᠢᠴᠢ ᠪᠣᠬᠢᠷᠲᠤᠯ ᠦᠭᠡᠢ ᠦᠢᠯᠡᠳᠬᠦ ᠵᠢᠱᠢᠶ᠎ᠡ | ᠦᠵᠡᠭᠦᠯᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠤᠰᠤ ᠠᠷᠪᠢᠯᠠᠬᠤ ᠲᠥᠷᠥᠯ ᠵᠦᠢᠯ ᠤᠨ | ᠥᠭᠡᠷᠡᠴᠢᠯᠡᠯᠲᠡ ᠶᠢ ᠬᠡᠷᠡᠭᠵᠢᠭᠦᠯᠤᠨ᠂ ᠥᠪᠡᠷᠲᠡᠭᠡᠨ ᠵᠠᠰᠠᠬᠤ ᠣᠷᠣᠨ ᠠᠴᠠ 1190 ᠲᠦᠮᠡᠨ ᠲᠥᠭᠦᠷᠢᠭ ᠤᠨ | ᠲᠤᠰᠬᠠᠢ ᠪᠡᠯᠡ ᠮᠦᠡᠭᠬᠦ ᠶᠢ ᠭᠤᠶᠤᠴᠢᠯᠠᠨ ᠤᠯᠵᠠᠢ᠃ ᠡᠭᠦᠨ ᠤ ᠬᠠᠮᠲᠤ᠂ 14 ᠠᠵᠤ ᠠᠬᠤᠶᠢᠯᠠᠯ ᠢ ᠥᠪᠡᠷᠲᠡᠭᠡᠨ | ᠵᠠᠰᠠᠬᠤ ᠣᠷᠣᠨ ᠤ ᠲᠡᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠬᠦᠯᠵᠦ᠂ | ᠠᠵᠤ ᠦᠢᠯᠡᠳᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠠᠢ᠃ | ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠬᠤ ᠶᠢᠨ ᠲᠤᠰᠠᠳᠠ᠂ ᠠᠯᠠᠱᠠ ᠠᠶᠢᠮᠠᠭ ᠤᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶᠠᠨ ᠤ ᠬᠢᠨ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠬᠦ᠂ ᠤᠰᠤ ᠠᠷᠪᠢᠯᠠᠬᠤ | ᠮᠡᠷᠭᠡᠵᠢᠯ ᠢ ᠳᠡᠯᠭᠡᠷᠡᠭᠦᠯᠬᠦ᠂ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠷᠭ᠎ᠠ ᠠᠪᠴᠠᠯ ᠢᠶᠠᠷ | ᠲᠠᠮᠵᠢᠨ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠲᠦᠯᠬᠢᠨ | ᠠᠬᠢᠭᠤᠯᠪᠠ᠃ ᠣᠲᠣ ᠪᠣᠯᠲᠠᠯ᠎ᠠ᠂ ᠲᠤᠰ ᠠᠶᠢᠮᠠᠭ ᠨᠠᠶᠢᠳᠠ 48.78 ᠲᠦᠮᠡᠨ ᠮᠦ ᠦᠨᠳᠦᠷ ᠪᠠᠷᠢᠮᠵᠢᠶᠠᠲᠦ ᠲᠠᠷᠢᠶᠠᠨ | ᠭᠠᠵᠡᠷ ᠢ ᠪᠠᠶᠢᠭᠤᠯᠵᠤ᠂ ᠲᠣᠰᠣᠯᠠᠭᠠᠨ ᠤᠰᠤᠯᠠᠬᠤ ᠮᠡᠷᠬᠡᠵᠢᠯ ᠢ ᠦᠨᠳᠦᠰᠦᠨ ᠳᠡᠭᠡᠨ ᠪᠡᠶᠡᠯᠡᠭᠦᠯᠤᠨ᠂ ᠵᠢᠯ ᠤᠨ ᠤᠰᠤ | ᠠᠷᠪᠢᠯᠠᠬᠤ ᠲᠠᠯᠠᠪᠠᠶ ᠨᠢ 30 ᠲᠦᠮᠡᠨ ᠮᠦ ᠶᠢ ᠳᠠᠪᠠᠪᠠ︔ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠠᠨ | ᠣᠷᠣᠨ ᠳᠤ ᠡᠭᠡᠯᠵᠢᠯᠡᠨ ᠳᠠᠷᠢᠬᠤ ᠪᠠ ᠭᠠᠩ ᠳᠤ ᠲᠡᠰᠪᠦᠷᠢᠲᠡᠢ ᠲᠠᠷᠢᠮᠠᠯ ᠢ ᠳᠠᠷᠢᠬᠤ ᠶᠢ ᠬᠡᠷᠡᠭᠵᠢᠭᠦᠯᠤᠨ᠂ 2024 | ᠤᠨ ᠳᠤ 14 ᠲᠦᠮᠡᠨ ᠮᠦ ᠭᠠᠵᠡᠷ ᠲᠤ ᠤᠰᠤᠨ ᠳᠤ ᠠᠷᠪᠢᠳᠡᠢ ᠲᠠᠷᠢᠮᠠᠯ ᠢ ᠲᠡᠷᠢᠵᠦ᠂ 2.4 ᠲᠦᠮᠡᠨ ᠮᠦ | ᠭᠠᠵᠡᠷ ᠲᠤ ᠡᠭᠡᠯᠵᠢᠯᠡᠨ ᠳᠠᠷᠢᠬᠤ ᠠᠵᠢᠯ ᠢ ᠬᠡᠷᠡᠭᠵᠢᠬᠦᠯᠦᠨ᠂ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ | ᠲᠠᠷᠢᠮᠠᠯ ᠪᠠ ᠡᠪᠡᠰᠦ ᠪᠡᠯᠴᠢᠭᠡᠷ ᠤᠨ ᠲᠠᠷᠢᠮᠠᠯ ᠤᠨ ᠪᠦᠲᠦᠴᠡ ᠶᠢᠨ ᠬᠠᠷᠢᠴᠠᠯ 49.27%᠄ 30.13%᠄ 20. | 6% ᠪᠣᠯᠵᠠᠢ︔ ᠥᠨᠳᠥᠷ ᠦᠷ᠎ᠡ ᠠᠰᠢᠭᠲᠤ ᠤᠰᠤ ᠠᠷᠪᠢᠯᠠᠬᠤ ᠵᠢᠱᠢᠶ᠎ᠡ ᠦᠵᠡᠭᠦᠯᠬᠦ 14 ᠰᠠᠭᠤᠷᠢᠨ ᠢ | ᠪᠠᠶᠢᠭᠤᠯᠵᠤ᠂ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 49.55 ᠲᠦᠮᠡᠨ | ᠮᠦ ᠳᠤ ᠲᠣᠭᠲᠠᠪᠤᠷᠢᠵᠢᠭᠤᠯᠪᠠ᠃ | ᠣᠶᠢᠷ᠎ᠠ ᠶᠢᠨ ᠡᠳᠦᠷ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠽᠢ ᠶᠤᠸᠠᠨ ᠬᠤᠸᠠ ᠲᠢᠩ | ᠰᠠᠭᠤᠭᠠᠯᠢ ᠠᠷᠠᠳ ᠤᠨ ᠬᠤᠷᠢᠶᠠᠯᠠᠯ ᠳᠤ᠂ ᠬᠤᠲᠠ ᠬᠥᠳᠡᠭᠡ ᠶᠢᠨ ᠤᠰᠤᠨ ᠤ ᠶᠠᠪᠤᠳᠠᠯ ᠤᠨ ᠺᠣᠮᠫᠠᠨᠢ ᠶᠢᠨ | ᠮᠡᠷᠭᠡᠵᠢᠯᠲᠡᠳ ᠣᠶᠤᠨᠲᠤ ᠤᠰᠤᠨ ᠤ ᠶᠠᠪᠤᠳᠠᠯ ᠤᠨ ᠨᠢᠭᠡᠳᠦᠭᠡᠷ ᠬᠤᠭᠤᠴᠠᠭᠠᠨ ᠤ ᠲᠣᠮᠣ ᠳ᠋ᠠᠶᠢᠲ᠋ᠠ ᠶᠢᠨ | ᠬᠡᠮᠵᠢᠯᠲᠡ ᠶᠢᠨ ᠰᠢᠰᠲ᠋ᠧᠮ ᠢ ᠠᠰᠢᠭᠯᠠᠨ᠂ ᠭᠠᠵᠡᠷ ᠲᠤᠤᠷᠡᠬᠢ ᠡᠪᠳᠡᠷᠡᠵᠦ ᠬᠠᠭᠤᠴᠢᠷᠠᠭᠰᠠᠨ ᠤᠰᠤᠨ ᠬᠤᠭᠤᠯᠠᠢ ᠶᠢ | ᠤᠨᠤᠪᠴᠢᠳᠡᠢ ᠲᠤᠭᠳᠠᠭᠠᠵᠦ ᠲᠡᠷᠡ ᠲᠤᠤᠷ᠎ᠠ ᠨᠢ ᠵᠠᠰᠠᠵᠦ ᠰᠢᠨᠡᠳᠬᠡᠭᠰᠡᠨ ᠪᠠᠶᠢᠨ᠎ᠠ᠃ ᠦᠡᠭᠬᠡᠷᠡᠬᠦ ᠵᠢᠯ᠂ ᠲᠤᠰ | ᠺᠣᠮᠫᠠᠨᠢ ᠶᠢᠨ ᠬᠢᠨ ᠪᠠᠶᠠᠨᠬᠤᠲᠠ ᠶᠢᠨ ᠤᠰᠤᠨ ᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ 4 | ᠢᠨᠵᠧᠨᠧᠷᠢᠩ ᠢ ᠡᠬᠢᠯᠡᠭᠦᠯᠵᠦ᠂ ᠬᠤᠲᠠ ᠶᠢᠨ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ ᠡᠪᠳᠡᠷᠡᠵᠦ | ᠬᠠᠭᠤᠴᠢᠷᠠᠬᠤ᠂ ᠪᠣᠷᠣᠭᠠᠨ ᠤ ᠤᠰᠤᠨ ᠤ ᠭᠠᠳᠠᠭᠰᠢᠯᠠᠭᠤᠯᠤᠯᠲᠠ ᠰᠠᠭᠠᠳ ᠦᠭᠡᠢ ᠪᠠᠶᠢᠬᠤ ᠵᠡᠷᠭᠡ ᠠᠰᠠᠭᠤᠳᠠᠯ ᠢ | ᠰᠶᠢᠳᠪᠦᠷᠢᠯᠡᠪᠠ᠃ ︽ᠡᠨᠡ ᠵᠢᠯ ᠪᠢᠳᠡ ︿ᠤᠰᠤ ᠪᠠᠷ ᠳᠥᠷᠪᠡ ᠶᠢ ᠲᠣᠭᠲᠠᠭᠠᠬᠤ﹀ ᠵᠠᠷᠴᠢᠮ ᠢ ᠦᠷᠬᠦᠯᠵᠢᠯᠡᠨ | ᠪᠠᠷᠢᠮᠲᠠᠯᠠᠵᠤ᠂ ᠤᠰᠤ ᠠᠷᠪᠢᠯᠠᠬᠤ ᠪᠠ ᠡᠬᠢ ᠰᠤᠷᠪᠤᠯᠵᠢ ᠶᠢ ᠨᠡᠭᠡᠭᠡᠬᠦ ᠶᠢ ᠵᠡᠷᠭᠡ ᠪᠠᠷ ᠴᠢᠬᠤᠯᠠᠴᠢᠯᠠᠨ᠂ ᠤᠰᠤ | ᠠᠷᠪᠢᠯᠠᠬᠤ ︿ᠬᠠᠮ ᠠᠷᠭ᠎ᠠ﹀ ᠶᠢ ᠪᠥᠬᠦ ᠬᠦᠴᠦᠨ ᠢᠶᠠᠷ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠᠷ ᠳᠠᠮᠵᠢᠨ᠂ ᠠᠵᠢᠯ ᠲᠥᠷᠥᠯ ᠤᠨ ᠬᠡᠷᠡᠭᠯᠡᠬᠦ ᠤᠰᠤᠨ ᠤ ᠲᠣᠭᠲᠠᠭᠰᠠᠨ | ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠥᠬᠦ ᠠᠶᠢᠮᠠᠭ ᠤᠨ ᠵᠢᠯ ᠤᠨ ᠬᠡᠷᠡᠭᠯᠡᠬᠦ ᠤᠰᠤᠨ ᠤ ᠶᠡᠷᠦᠩᠬᠡᠢ | ᠬᠡᠮᠵᠢᠶ᠎ᠡ ᠶᠢ 3.63 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ᠃ ᠡᠭᠦᠨ ᠤ | ᠬᠠᠮᠲᠤ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢᠨ ᠠᠰᠢᠭᠯᠠᠯᠲᠠ ᠶᠢ ᠢᠳᠡᠪᠬᠢᠲᠡᠢ ᠥᠷᠭᠡᠳᠬᠡᠵᠦ᠂ | ᠪᠣᠷᠣᠭᠠᠨ ᠤ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠢᠨᠵᠧᠨᠧᠷᠢᠩ ᠢ ᠰᠢᠰᠲ᠋ᠧᠮ ᠲᠠᠢ ᠠᠬᠢᠭᠤᠯᠵᠤ᠂ ︿ | ᠠᠭᠠᠷ ᠲᠡᠬᠡᠷᠡᠬᠢ ᠤᠰᠤ᠂ ᠭᠠᠵᠠᠷ ᠳᠣᠣᠷᠠᠬᠢ ᠤᠰᠤ᠂ ᠳᠠᠬᠢᠯᠲᠠ ᠤᠰᠤ﹀ ᠵᠡᠷᠬᠡ ᠭᠤᠷᠪᠠᠨ ᠲᠦᠷᠦᠯ ᠤᠨ ᠤᠰᠤ ᠶᠢ | ᠵᠡᠷᠬᠡ ᠪᠠᠷ ᠵᠠᠰᠠᠬᠤ ᠰᠢᠨ᠎ᠡ ᠪᠠᠶᠢᠷᠢᠰᠢᠯ ᠢ ᠪᠣᠶ ᠪᠣᠯᠭᠠᠨ᠎ᠠ︾ ᠭᠡᠵᠦ ᠠᠯᠠᠱᠠ ᠠᠶᠢᠮᠠᠭ ᠤᠨ ᠤᠰᠤᠨ ᠤ ᠶᠠᠪᠤᠳᠠᠯ ᠤᠨ | ᠲᠣᠪᠴᠢᠶᠠᠨ ᠤ ᠳᠠᠷᠤᠭ᠎ᠠ ᠰᠢᠶᠤ ᠹᠠᠩ ᠷᠧᠨ ᠬᠡᠯᠡᠪᠠ᠃ | |