ᠲᠦᠷᠦᠭᠦᠬᠡᠨ᠂ ᠮᠠᠨ ᠤ ᠠᠶᠢᠮᠠᠭ ᠡᠭᠴᠡ ᠨᠢᠰᠬᠦ ᠨᠢᠰᠬᠡᠯ ᠢᠶᠠᠷ ᠡᠨᠡ ᠵᠢᠯ ᠤᠨ ᠣᠶ ᠰᠢᠭᠤᠢ ᠶᠢᠨ | ᠬᠠᠮᠠᠭᠠᠯᠠᠯᠲᠠ ᠶᠢᠨ ᠠᠩᠬᠠᠨ ᠤ ᠡᠭᠦᠷᠭᠡ ᠪᠠᠨ ᠭᠦᠢᠴᠡᠳᠬᠡᠵᠦ᠂ ᠣᠶ ᠰᠢᠭᠤᠢ ᠨᠤᠳᠤᠭ ᠪᠡᠯᠴᠢᠭᠡᠷ ᠤᠨ ᠲᠦᠢᠮᠡᠷ ᠢ | ᠤᠷᠢᠳᠴᠢᠯᠠᠨ ᠰᠡᠷᠬᠡᠶᠢᠯᠡᠭᠰᠡᠨ ᠪᠠᠶᠢᠨ᠎ᠠ᠃ | ᠬᠠᠪᠤᠷ ᠤᠨ ᠤᠯᠠᠷᠢᠯ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠴᠠᠭ | ᠬᠤᠭᠤᠴᠠᠭ᠎ᠠ ᠪᠣᠯᠣᠨ᠎ᠠ᠃ ᠠᠶᠢᠮᠠᠭ ᠤᠨ ᠠᠭᠠᠷ ᠠᠶᠠᠯᠠᠯ ᠢᠶᠠᠷ ᠣᠶ ᠰᠢᠭᠤᠢ ᠬᠠᠮᠠᠭᠠᠯᠠᠬᠤ ᠥᠷᠲᠡᠭᠡᠨ ᠤ ᠠᠶᠠᠯᠠᠯ ᠤᠨ | ᠶᠠᠪᠤᠳᠠᠯ ᠤᠨ ᠰᠠᠯᠠᠭᠠᠨ ᠤ ᠬᠠᠷᠢᠭᠤᠴᠠᠯᠭᠠᠲᠠᠨ ᠲᠡᠭᠷᠢ ᠶᠢᠨ ᠲᠠᠨᠢᠯᠴᠠᠭᠤᠯᠬᠤ ᠪᠠᠷ᠂ ᠮᠠᠨ ᠤ ᠠᠶᠢᠮᠠᠭ ᠬᠠᠪᠤᠷ ᠤᠨ | ᠤᠯᠠᠷᠢᠯ ᠤᠨ ᠨᠢᠰᠬᠡᠯ ᠢᠶᠠᠷ ᠲᠤᠭᠤᠷᠢᠨ ᠬᠠᠮᠠᠭᠠᠯᠠᠬᠤ ᠪᠠᠷ ᠲᠠᠮᠵᠢᠨ᠂ ᠨᠢᠭᠡᠨᠲᠡ ᠪᠥᠬᠦ ᠠᠶᠢᠮᠠᠭ ᠤᠨ ᠣᠶ ᠰᠢᠭᠤᠢ ᠶᠢᠨ | ᠲᠦᠢᠮᠡᠷ ᠡᠬᠦᠰᠴᠦ ᠮᠡᠳᠡᠬᠦ ᠭᠠᠵᠡᠷ ᠪᠤᠯᠭᠠᠨ ᠳᠤ ᠦᠨᠳᠦᠰᠦᠨ ᠳᠡᠭᠡᠨ ᠪᠠᠶᠢᠴᠠᠭᠠᠯᠳᠠ ᠬᠢᠵᠦ᠂ ᠣᠶ ᠰᠢᠭᠤᠢ ᠶᠢᠨ | ᠲᠦᠢᠮᠡᠷ ᠢ ᠰᠡᠷᠬᠡᠶᠢᠯᠡᠨ ᠪᠠᠶᠢᠴᠠᠭᠠᠬᠤ ᠦᠷ᠎ᠡ ᠪᠦᠲᠦᠮᠵᠢ ᠪᠠ ᠡᠮᠦᠨᠡᠬᠢ ᠬᠤᠭᠤᠴᠠᠭᠠᠨ ᠤ ᠤᠷᠢᠳᠴᠢᠯᠠᠨ | ᠰᠡᠷᠡᠮᠵᠢᠯᠡᠭᠦᠯᠵᠦ ᠰᠶᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠣᠶ ᠰᠢᠭᠤᠢ ᠶᠢᠨ ᠡᠬᠢ ᠪᠠᠶᠠᠯᠢᠭ | ᠪᠠ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠬᠦᠴᠦᠲᠤ | ᠪᠠᠲᠤᠯᠠᠭ᠎ᠠ ᠬᠠᠨᠭ᠍ᠭᠠᠵᠠᠢ᠃ ᠡᠬᠦᠨ ᠠᠴᠠ ᠭᠠᠳᠠᠨ᠎ᠠ᠂ ᠪᠢᠳᠡ ᠳᠠᠬᠢᠨ ᠳᠠᠪᠲᠠᠨ ᠰᠤᠳᠤᠯᠤᠨ ᠨᠤᠲᠠᠯᠠᠬᠤ ᠪᠠᠷ ᠲᠠᠮᠵᠢᠨ᠂ | ᠡᠨᠡ ᠵᠢᠯ ᠤᠨ ᠨᠢᠰᠬᠡᠯ ᠢᠶᠠᠷ ᠲᠣᠭᠤᠷᠢᠨ ᠬᠠᠮᠠᠭᠠᠯᠠᠬᠤ ᠬᠤᠭᠤᠴᠠᠭ᠎ᠠ ᠶᠢ 3 ᠰᠠᠷ᠎ᠠ ᠶᠢᠨ 15 — 12 ᠰᠠᠷ᠎ᠠ ᠶᠢᠨ | 31 ᠤ ᠡᠳᠦᠷ ᠪᠣᠯᠲᠠᠯ᠎ᠠ ᠲᠤᠭᠳᠠᠭᠠᠵᠦ᠂ 950 ᠴᠠᠭ ᠤᠨ ᠨᠢᠰᠦᠯᠲᠡ ᠶᠢᠨ ᠶᠡᠷᠦᠩᠬᠡᠢ ᠡᠭᠦᠷᠭᠡ ᠶᠢ ᠪᠡᠶᠡᠯᠡᠭᠦᠯᠬᠦ ᠪᠠᠷ | ᠲᠥᠯᠥᠪᠯᠡᠵᠦ ᠪᠣᠶ᠂ ᠡᠭᠦᠨ ᠳᠤ ᠡᠭᠴᠡ ᠨᠢᠰᠬᠡᠯ ᠤᠨ ᠨᠢᠰᠦᠯᠲᠡ ᠨᠢ 600 ᠴᠠᠭ᠂ ᠵᠢᠯᠣᠭᠤᠴᠢ ᠦᠭᠡᠢ ᠨᠢᠰᠬᠡᠯ ᠤᠨ | ᠨᠢᠰᠦᠯᠲᠡ ᠨᠢ 350 ᠴᠠᠭ ᠪᠣᠯᠣᠨ᠎ᠠ ᠭᠡᠪᠡ᠃ | ᠣᠶ ᠰᠢᠭᠤᠢ ᠶᠢᠨ ᠲᠦᠢᠮᠡᠷ ᠢ ᠰᠡᠷᠬᠡᠶᠢᠯᠡᠬᠦ ᠤᠯᠠᠮᠵᠢᠯᠠᠯᠲᠦ ᠠᠷᠭ᠎ᠠ ᠲᠠᠢ ᠬᠠᠷᠢᠴᠠᠭᠤᠯᠪᠠᠯ᠂ ᠨᠢᠰᠬᠡᠯ ᠢᠶᠠᠷ | ᠲᠤᠭᠤᠷᠢᠨ ᠪᠠᠶᠢᠴᠠᠭᠠᠬᠤ ᠳᠠᠪᠠᠭᠤᠯᠢᠭ ᠨᠢ ᠢᠯᠡᠷᠬᠡᠢ ᠪᠠᠶᠢᠳᠠᠭ᠃ ᠲᠣᠭᠤᠷᠢᠨ ᠬᠠᠮᠠᠭᠠᠯᠠᠬᠤ ᠳᠤ ᠣᠷᠣᠯᠴᠠᠭᠰᠠᠨ | ᠨᠢᠰᠬᠡᠯ ᠨᠢ ᠤᠯᠠᠭᠠᠨ ᠤ ᠭᠠᠳᠠᠨᠠᠬᠢ ᠢᠯᠴᠢ ᠶᠢᠨ ᠳᠦᠷᠰᠦ ᠪᠦᠲᠦᠭᠡᠬᠦ ᠬᠡᠮᠵᠢᠭᠦᠷᠯᠢᠭ ᠪᠠ ᠤᠨᠴᠠ ᠲᠣᠳᠣ ᠵᠢᠷᠤᠭ | ᠲᠦᠷᠰᠦ ᠰᠡᠬᠦᠳᠡᠷᠯᠡᠬᠦ ᠲᠥᠬᠦᠭᠡᠷᠦᠮᠵᠢ ᠶᠢ ᠠᠰᠢᠭᠯᠠᠨ᠂ ᠠᠭᠤᠯᠠ ᠪᠤᠶᠤ ᠣᠢ ᠰᠢᠭᠤᠢ ᠳᠤ ᠨᠢᠭᠤᠭᠳᠠᠵᠤ ᠪᠠᠶᠢᠭ᠎ᠠ | ᠢᠯᠴᠢ ᠶᠢᠨ ᠰᠤᠷᠪᠤᠯᠵᠢ ᠶᠢ ᠣᠨᠣᠪᠴᠢᠲᠠᠢ ᠬᠠᠶᠢᠨ ᠬᠡᠮᠵᠢᠬᠦ ᠶᠢᠨ ᠬᠠᠮᠲᠤ ᠭᠠᠵᠠᠷ ᠳᠡᠭᠡᠷᠡᠬᠢ ᠵᠢᠯᠤᠭᠤᠳᠬᠤ | ᠲᠥᠪ ᠲᠠᠢ ᠴᠠᠭ ᠲᠤᠬᠠᠢ ᠳᠤᠨᠢ ᠬᠠᠷᠢᠯᠴᠠᠵᠤ᠂ ᠮᠡᠳᠡᠭᠡ ᠵᠠᠩᠭᠢ ᠶᠢ ᠲᠦᠷᠭᠡᠨ ᠳᠠᠮᠵᠢᠭᠤᠯᠬᠤ᠂ ᠵᠠᠷᠯᠢᠭ ᠢ | ᠪᠦᠲᠦᠮᠵᠢᠲᠡᠢ ᠬᠡᠷᠡᠭᠵᠢᠭᠦᠯᠬᠦ ᠶᠢ ᠪᠠᠲᠤᠯᠠᠵᠤ ᠴᠢᠳᠠᠨ᠎ᠠ᠃ ᠡᠭᠦᠨ ᠠᠴᠠ ᠭᠠᠳᠠᠨ᠎ᠠ᠂ ᠡᠭᠴᠡ ᠨᠢᠰᠬᠡᠯ ᠨᠢᠭᠡ | ᠤᠳᠠᠭ᠎ᠠ ᠳᠤ ᠪᠠᠷᠤᠭ 1 ᠲᠣᠨ ᠤᠰᠤ ᠵᠦᠬᠡᠬᠡᠪᠦᠷᠢᠯᠡᠵᠦ᠂ ᠲᠦᠢᠮᠡᠷ ᠤᠨ ᠪᠠᠶᠢᠳᠠᠯ ᠢᠯᠡᠷᠡᠪᠡᠯ ᠵᠦᠬᠡᠬᠡᠪᠦᠷᠢᠯᠡᠭᠰᠡᠨ | ᠤᠰᠤ ᠪᠠᠨ ᠭᠠᠯ ᠡᠬᠦᠰᠦᠭᠰᠡᠨ ᠴᠡᠭ ᠲᠤ ᠨᠠᠷᠢᠯᠢᠭ ᠤᠨᠤᠴᠠᠳᠡᠢ ᠰᠦᠷᠴᠢᠵᠤ ᠲᠦᠢᠮᠡᠷ ᠢ ᠠᠯᠢ ᠲᠦᠷᠬᠡᠨ ᠢᠶᠠᠷ | ᠰᠶᠢᠳᠪᠦᠷᠢᠯᠡᠵᠦ ᠴᠢᠳᠠᠨ᠎ᠠ᠃ ᠲᠡᠭᠷᠢ᠂ ᠪᠢᠳᠠ ᠠᠯᠠᠱᠠ ᠠᠭᠤᠯᠠ ᠶᠢᠨ ᠣᠶᠢᠲᠤ ᠣᠷᠣᠨ ᠳᠤ ᠲᠥᠯᠥᠪᠵᠢᠭᠦᠯᠦᠭᠰᠡᠨ | ᠲᠣᠭᠤᠷᠢᠨ ᠬᠠᠮᠠᠭᠠᠯᠠᠬᠤ 3 ᠣᠷᠣᠨ᠂ 2 ᠵᠤᠷᠪᠤᠰ ᠠᠭᠠᠷ ᠤᠨ ᠱᠤᠭᠤᠮ᠂ ᠲᠦᠷ ᠴᠠᠭ ᠤᠨ ᠨᠢᠰᠴᠦ ᠪᠠᠭᠤᠬᠤ 5 | ᠲᠠᠯᠠᠪᠠᠢ᠂ ᠪᠠᠴᠢᠮ ᠢ ᠠᠷᠭᠠᠴᠠᠭᠠᠬᠤ ᠤᠰᠤ ᠲᠠᠲᠠᠬᠤ 4 ᠴᠡᠭ ᠲᠤ ᠵᠠᠳᠠᠯᠤᠯᠲᠠ ᠬᠢᠵᠦ᠂ ᠭᠠᠵᠠᠷ ᠤᠨ ᠪᠠᠶᠢᠴᠠ᠂ | ᠤᠰᠤ ᠲᠠᠲᠠᠬᠤ ᠴᠡᠭ ᠤᠨ ᠵᠠᠢ ᠪᠠ ᠤᠰᠤᠨ ᠤ ᠬᠡᠮᠵᠢᠶ᠎ᠠ ᠵᠡᠷᠭᠡ ᠪᠠᠶᠢᠳᠠᠯ ᠢ ᠦᠨᠳᠦᠰᠦᠯᠠᠨ ᠬᠠᠷᠭᠤᠭᠤᠯᠤᠭᠰᠠᠨ | ᠪᠠᠶᠢᠴᠠᠭᠠᠯᠳᠠ ᠶᠢ ᠤᠯᠠᠨᠳᠠ ᠦᠷᠨᠢᠬᠦᠯᠵᠦ᠂ ᠤᠷᠤᠰᠢᠵᠦ ᠪᠠᠶᠢᠭ᠎ᠠ ᠠᠰᠠᠭᠤᠳᠠᠯ ᠢᠶᠠᠨ ᠴᠠᠭ ᠲᠤᠬᠠᠢ ᠳᠤᠨᠢ | ᠰᠶᠢᠳᠪᠦᠷᠢᠯᠡᠵᠦ ᠲᠡᠭᠦᠯᠳᠡᠷᠵᠢᠭᠦᠯᠪᠠ ᠬᠡᠯ᠎ᠠ᠃ |